ᠶᠠᠩ ᠶᠦᠩ ᠵᠢᠦ ᠭᠤᠤᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠵᠠᠢ
ᠨᠡᠶᠢᠲᠡᠯᠡᠭᠰᠡᠨ ᠴᠠᠭ᠄
2024/9/20
     9 ᠰᠠᠷ᠎ᠠ ᠶᠢᠨ 15 ᠤ ᠡᠳᠦᠷ᠂ ᠷᠡᠰᠢᠶᠠᠨ ᠬᠤᠲᠠ ᠶᠢᠨ ᠨᠠᠮ ᠤᠨ ᠬᠤᠷᠢᠶᠠᠨ ᠤ ᠱᠦᠵᠢ ᠶᠠᠩ ᠶᠦᠩ ᠵᠢᠦ ᠲᠢᠶᠠᠨ ‍ᠣᠣᠢ ᠦᠵᠡᠮᠵᠢ ᠶᠢᠨ ᠣᠷᠣᠨ ᠢᠶᠠᠷ ᠬᠦᠷᠴᠦ ᠠᠶᠤᠯᠭᠦᠢ ᠦᠢᠯᠡᠳᠪᠦᠷᠢᠯᠡᠯ᠂ ᠤᠢ ᠰᠢᠭᠤᠢ ᠨᠤᠲᠤᠭ ᠪᠡᠯᠴᠢᠭᠡᠷ ᠤᠨ ᠭᠠᠯ ᠲᠣᠶᠢᠮᠡᠷ ᠢ ᠰᠡᠷᠭᠡᠶᠢᠯᠡᠬᠦ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠡᠵᠡᠩᠨᠡᠯᠲᠡ ᠵᠡᠷᠭᠡ ᠠᠵᠢᠯ ᠢ ᠪᠠᠶᠢᠴᠠᠭᠠᠨ ᠰᠤᠳᠤᠯᠵᠠᠢ᠃      ᠶᠠᠩ ᠶᠦᠩ ᠵᠢᠦ᠂ ᠪᠥᠬᠦ ᠬᠤᠲᠠ ᠪᠠᠷ ᠢᠶᠠᠨ ᠬᠤᠷᠢᠭ᠎ᠠ ᠱᠤᠭᠤᠮ ᠤᠨ ᠰᠡᠳᠬᠢᠬᠦᠶ ᠶᠢ ᠪᠠᠲᠤ ᠪᠣᠶ ᠪᠣᠯᠭᠠᠵᠤ᠂ ᠠᠶᠤᠯ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠨ᠂ ᠬᠠᠷᠢᠭᠤᠴᠠᠯᠭ᠎ᠠ ᠶᠢᠨ ᠬᠡᠯᠬᠢᠶ᠎ᠡ ᠶᠢ ᠤᠯᠠᠮ ᠨᠢᠭᠡ ᠠᠯᠬᠤᠮ ᠴᠢᠩᠭᠠᠯᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠤᠨ᠂ ᠡᠯ᠎ᠡ ᠬᠦᠷᠢᠶ᠎ᠡ ᠡᠯ᠎ᠡ ᠭᠤᠭᠴᠤᠭ᠎ᠠ ᠶᠢᠨ ᠠᠮᠤᠷ ᠲᠦᠪᠰᠢᠨ ᠤ ᠬᠡᠮ ᠰᠣᠭᠤᠭ ᠢ ᠭᠦᠨᠵᠡᠭᠡᠶ ᠵᠢᠭᠰᠠᠭᠠᠨ ᠪᠠᠶᠢᠴᠠᠭᠠᠵᠤ᠂ ᠠᠶᠤᠯᠭᠦᠶ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠦᠨᠡᠨ ᠬᠦ ᠪᠠᠲᠤ ᠰᠠᠬᠢᠵᠤ᠂ ᠠᠷᠠᠳ ᠣᠯᠠᠨ ᠢ ᠠᠮᠤᠷ ᠠᠮᠤᠭᠤᠯᠠᠩ ᠥᠯᠵᠡᠶ ᠪᠡᠯᠭᠡ ᠲᠠᠢ ᠪᠠᠷ ᠪᠠᠶᠠᠷ ᠤᠨ ᠡᠳᠣᠷ ᠢ ᠦᠩᠭᠡᠷᠡᠭᠦᠯᠬᠦ ᠬᠡᠷᠡᠭᠲᠡᠶ᠃ ᠣᠶ ᠰᠢᠭᠤᠶ ᠨᠤᠲᠤᠭ ᠪᠡᠯᠴᠢᠭᠡᠷ ᠤᠨ ᠭᠠᠯ ᠲᠣᠶᠢᠮᠡᠷ ᠢ ᠰᠡᠷᠭᠡᠶᠢᠯᠡᠬᠦ ᠡᠯ᠎ᠡ ᠵᠦᠢᠯ ᠤᠨ ᠠᠵᠢᠯ ᠢ ᠪᠣᠳᠠᠲᠠᠶ ᠪᠥᠭᠡᠳ ᠨᠠᠷᠢᠯᠢᠭ ᠠᠳᠬᠤᠵᠤ᠂ ᠬᠥᠮᠦᠨ ᠢᠶᠠᠷ ᠰᠡᠷᠭᠡᠶᠢᠯᠡᠬᠦ᠂ ᠪᠣᠳᠠᠰ ᠢᠶᠠᠷ ᠰᠡᠷᠭᠡᠶᠢᠯᠡᠬᠦ᠂ ᠮᠡᠷᠭᠡᠵᠢᠯ ᠢᠶᠠᠷ ᠰᠡᠷᠭᠡᠶᠢᠯᠡᠬᠦ ︽ᠭᠤᠷᠪᠠ ᠶᠢ ᠨᠢᠭᠡ ᠴᠤᠭᠴᠠᠵᠢᠭᠤᠯᠬᠤ︾ ᠰᠡᠷᠭᠡᠶᠢᠯᠡᠨ ᠡᠵᠡᠮᠳᠡᠬᠦ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠵᠢᠵᠢᠭᠦᠷᠯᠡᠨ ᠰᠠᠬᠢᠬᠤ ᠪᠠᠨ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢᠶᠠᠨ ᠲᠡᠭᠦᠯᠳᠡᠷᠵᠢᠭᠦᠯᠵᠦ᠂ ᠰᠡᠷᠡᠮᠵᠢᠯᠡᠭᠦᠯᠬᠦ ᠤᠬᠠᠭᠤᠯᠭ᠎ᠠ ᠪᠠᠨ ᠴᠢᠩᠭᠠᠳᠬᠠᠨ᠂ ᠤᠷᠢᠳᠴᠢᠯᠠᠨ ᠰᠡᠷᠭᠡᠶᠢᠯᠡᠵᠦ ᠠᠷᠭᠠᠴᠠᠭᠠᠬᠤ ᠴᠢᠳᠠᠪᠤᠷᠢ ᠪᠠᠨ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠭᠠᠯ ᠤᠨ ᠪᠠᠶᠢᠳᠠᠯ ᠢ ᠲᠦᠷᠭᠡᠨ ᠢᠯᠡᠷᠡᠭᠦᠯᠵᠣ᠂ ᠲᠦᠷᠭᠡᠨ ᠵᠢᠯᠣᠭᠤᠳᠤᠨ ᠲᠣᠬᠢᠷᠠᠭᠤᠯᠵᠣ᠂ ᠲᠦᠷᠭᠡᠨ ᠵᠣᠬᠢᠶᠠᠨ ᠪᠠᠶᠢᠭᠤᠯᠵᠤ ᠭᠠᠯ ᠢ ᠤᠨᠲᠠᠷᠠᠭᠠᠨ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ᠃ ᠬᠢᠨᠠᠨ ᠬᠠᠮᠢᠶᠠᠷᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠦᠵᠡᠮᠵᠢ ᠶᠢᠨ ᠣᠷᠣᠨ ᠤ ᠡᠵᠡᠩᠨᠡᠯᠲᠡ ᠶᠢᠨ ᠡᠮᠬᠢ ᠳᠢᠭᠯᠢᠮ ᠢ ᠦᠷᠭᠦᠯᠵᠢᠯᠡᠨ ᠵᠢᠷᠤᠮᠵᠢᠭᠤᠯᠵᠤ᠂ ᠦᠢᠯᠡᠴᠢᠯᠡᠭᠡᠨ ᠤ ᠤᠬᠠᠮᠰᠠᠷ ᠢᠶᠠᠨ ᠤᠯᠠᠮ ᠴᠢᠨᠠᠭᠰᠢᠳᠠ ᠴᠢᠩᠭᠠᠳᠬᠠᠵᠤ᠂  ᠵᠢᠭᠤᠯᠴᠢᠯᠠᠯ ᠳᠤ ᠬᠤᠯᠪᠣᠭᠳᠠᠬᠤ ᠶᠠᠷᠢᠶ᠎ᠠ ᠬᠡᠯᠡᠯᠴᠡᠭᠡᠨ ᠤ ᠪᠠᠶᠢᠳᠠᠯ ᠢ ᠨᠢᠭᠲᠠ ᠠᠩᠬᠠᠷᠴᠤ᠂ ᠬᠠᠮᠢᠶᠠᠷᠤᠯᠲᠠ ᠦᠢᠯᠡᠴᠢᠯᠡᠭᠡᠨ ᠤ ᠲᠦᠪᠰᠢᠨ ᠢᠶᠠᠨ ᠪᠦᠬᠦ ᠲᠠᠯ᠎ᠠ ᠪᠠᠷ ᠳᠡᠭᠡᠭᠰᠢᠯᠡᠭᠦᠯᠵᠦ᠂ ︽ᠬᠤᠣᠰ ᠪᠠᠶᠠᠷ︾ ᠤᠨ ᠬᠤᠭᠤᠴᠠᠭᠠᠨ ᠳᠠᠬᠢ ᠰᠣᠶᠣᠯ  ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠠᠮᠤᠷ ᠲᠦᠪᠰᠢᠨ ᠲᠣᠭᠲᠠᠭᠤᠨ᠂ ᠡᠶ᠎ᠡ ᠵᠣᠬᠢᠴᠠᠩᠭᠤᠢ ᠡᠮᠬᠢ ᠳᠢᠭᠯᠢᠮ ᠲᠠᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠦ  ᠴᠢᠬᠤᠯᠠᠴᠢᠯᠡᠪᠡ᠃
 
ᠢᠷᠡᠯᠲᠡ᠄ ᠷᠡᠰᠢᠶᠠᠨ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号