ᠷᠡᠰᠢᠶᠠᠨ ᠬᠤᠳᠡ ᠶᠢᠨ ᠢᠷᠪᠢᠰ ᠵᠡᠭᠡᠯᠢ ᠶᠢᠨ ᠨᠦᠮᠤᠷᠭᠡᠨ ᠨᠡᠶᠢᠭᠡᠮ ᠲᠣᠭᠤᠷᠢᠭ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/9/20
     ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠲᠥᠷᠥ ᠶᠢᠨ ᠪᠣᠳᠣᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠮᠰᠠᠷ ᠢ ᠴᠢᠩᠭᠠᠳᠬᠠᠬᠤ ᠶᠢᠨ ᠲᠥᠯᠥᠭᠡ᠂ ᠣᠶᠢᠷ᠎ᠡ ᠳᠤ᠂ ᠷᠡᠰᠢᠶᠠᠨ ᠬᠤᠳᠡ ᠶᠢᠨ ᠢᠷᠪᠢᠰ ᠵᠡᠭᠡᠯᠢ ᠶᠢᠨ ᠨᠦᠮᠦᠷᠭᠡᠨ ᠨᠡᠶᠢᠭᠡᠮ ᠲᠣᠭᠤᠷᠢᠭ ︽ᠤᠯᠤᠰ ᠳᠠᠶᠠᠭᠠᠷ ᠰᠡᠳᠬᠢᠯ ᠨᠢᠭᠡᠳᠦᠨ ᠤᠯᠤᠰ ᠤᠨ ᠪᠠᠲᠤᠯᠠᠨ ᠬᠠᠮᠠᠭᠠᠯᠠᠯᠲᠠ ᠶᠢ ᠪᠠᠲᠤᠳᠬᠠᠵᠤ᠂ ᠴᠡᠷᠢᠭ ᠠᠷᠠᠳ ᠬᠦᠴᠦ ᠪᠠᠨ ᠬᠠᠮᠲᠤᠳᠬᠠᠨ ᠣᠷᠳᠣ ᠴᠠᠭᠠᠨ ᠬᠡᠷᠡᠮ ᠢ ᠴᠣᠭᠴᠠᠯᠠᠶ᠎ᠠ ︾ ᠭᠡᠬᠦ ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢ ᠥᠷᠨᠢᠭᠦᠯᠪᠡ᠃ ᠮᠡᠳᠡᠯᠭᠡ ᠶᠢᠨ ᠲᠠᠶᠢᠯᠤᠮᠵᠢ᠂ ᠱᠠᠩᠨᠠᠯ ᠲᠠᠢ ᠠᠰᠠᠭᠤᠯᠲᠠ ᠬᠠᠷᠢᠭᠤᠯᠲᠠ᠂ ᠺᠢᠨᠣ᠋ ᠦᠵᠡᠬᠦ ᠬᠡᠯᠪᠡᠷᠢ ᠪᠠᠷ ᠰᠠᠭᠤᠭᠠᠯᠢ ᠠᠷᠠᠳ ᠲᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠮᠡᠳᠡᠯᠭᠡ ᠶᠢ ᠲᠦᠭᠡᠮᠡᠯᠵᠢᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠵᠡᠯᠲᠡ ᠶᠢ ᠴᠢᠩᠭᠠᠳᠬᠠᠵᠤ᠂ ᠪᠠᠲᠤ ᠪᠠᠬᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠠᠯᠬᠠᠪᠴᠢ ᠶᠢ  ᠴᠣᠬᠴᠠᠯᠠᠵᠠᠢ᠃      ᠤᠯᠤᠰ ᠤᠨ ᠪᠠᠲᠤᠯᠠᠨ ᠬᠠᠮᠠᠭᠠᠯᠠᠯᠲᠠ ᠶᠢᠨ ᠮᠡᠳᠡᠯᠭᠡ ᠶᠢ ᠰᠤᠷᠤᠯᠴᠠᠵᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠵᠡᠯᠲᠡ ᠪᠠᠨ ᠴᠢᠩᠭᠠᠳᠬᠠᠪᠡ᠃ ᠲᠠᠶᠢᠯᠤᠮᠵᠢ ᠳᠤ᠂ ᠨᠡᠶᠢᠭᠡᠮ ᠲᠣᠭᠤᠷᠢᠭ ᠤᠨ ᠠᠵᠢᠯᠲᠠᠳ ᠡᠩ ᠲᠡᠷᠢᠭᠦᠨ ᠳᠤ ᠤᠯᠤᠰ ᠤᠨ ᠠᠮᠤᠷ ᠲᠦᠪᠰᠢᠨ ᠤ ᠪᠠᠶᠢᠳᠠᠯ ᠠᠴᠠ ᠭᠠᠷᠳᠠᠵᠤ᠂ ᠣᠳᠣᠬᠠᠨ ᠤ ᠮᠠᠨ ᠤ ᠤᠯᠤᠰ ᠲᠤ ᠲᠤᠯᠭᠠᠷᠠᠵᠤ ᠪᠠᠶᠢᠭ᠎ᠠ ᠣᠯᠠᠨ ᠤᠯᠤᠰ ᠤᠨ ᠣᠷᠴᠢᠨ ᠲᠣᠭᠤᠷᠢᠨ ᠪᠠ ᠥᠷᠢᠰᠥᠯᠳᠦᠭᠡᠨ ᠢᠶᠠᠷ ᠤᠯᠤᠰ ᠤᠨ ᠪᠠᠲᠤᠯᠠᠨ ᠬᠠᠮᠠᠭᠠᠯᠠᠯᠲᠠ ᠶᠢᠨ ᠠᠭᠤᠯᠤᠭᠳᠠᠬᠤᠨ ᠪᠠ ᠴᠢᠬᠤᠯᠠ ᠴᠢᠨᠠᠷ ᠢ ᠨᠠᠷᠢᠨ ᠲᠣᠳᠣᠷᠬᠠᠶ ᠥᠭᠦᠯᠡᠵᠦ᠂ ᠰᠠᠭᠤᠭᠠᠯᠢ ᠠᠷᠠᠳ ᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠤᠬᠠᠶ ᠲᠠᠨᠢᠯᠲᠠ ᠨᠠᠩ ᠲᠣᠳᠣ  ᠪᠣᠯᠭᠠᠪᠠ᠃ ᠵᠠᠯᠭᠠᠭᠠᠳ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠮᠰᠠᠷ ᠢ ᠬᠡᠷᠬᠢᠨ ᠴᠢᠩᠭᠠᠳᠬᠠᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠬᠡᠷᠬᠢᠨ ᠰᠠᠶᠢᠲᠤᠷ ᠬᠢᠬᠦ ᠵᠡᠷᠭᠡ ᠲᠠᠯ᠎ᠠ ᠪᠠᠷ᠂ ᠰᠠᠭᠤᠭᠠᠯᠢ ᠠᠷᠠᠳ ᠲᠤ ᠰᠠᠨᠠᠭᠤᠯᠭ᠎ᠠ ᠳᠤᠷᠠᠳᠬᠤ ᠶᠢᠨ ᠬᠠᠮᠲᠤ ᠲᠠᠳᠡᠨᠡᠷ ᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠮᠡᠳᠡᠯᠭᠡ ᠶᠢ ᠢᠳᠡᠪᠬᠢᠲᠡᠢ ᠰᠤᠷᠤᠯᠴᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠮᠰᠠᠷ ᠢᠶᠠᠨ ᠴᠢᠩᠭᠠᠳᠬᠠᠵᠤ᠂ ᠤᠯᠤᠰ ᠤᠨ ᠠᠮᠤᠷ ᠲᠦᠪᠰᠢᠨ ᠪᠠ ᠬᠥᠭᠵᠢᠯᠲᠡ ᠳᠤ ᠥᠪᠡᠷ ᠤᠨ ᠬᠦᠴᠦᠨ ᠴᠢᠳᠠᠯ ᠢᠶᠠᠨ ᠡᠷᠭᠦᠬᠦ ᠶᠢ ᠵᠣᠷᠢᠭᠵᠢᠭᠤᠯᠪᠠ᠃      ᠤᠯᠤᠰ ᠤᠨ ᠪᠠᠲᠤᠯᠠᠨ ᠬᠠᠮᠠᠭᠠᠯᠠᠯᠲᠠ ᠶᠢᠨ ᠮᠡᠳᠡᠯᠭᠡ ᠶᠢᠨ ᠮᠥᠷᠦ᠋ᠢᠴᠡᠭᠡᠨ ᠢᠶᠠᠷ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠵᠡᠯᠲᠡ ᠶᠢ ᠪᠠᠲᠤ ᠴᠣᠭᠴᠠᠯᠠᠪᠡ᠃ ᠮᠡᠳᠡᠯᠭᠡ ᠶᠢᠨ ᠠᠰᠠᠭᠤᠯᠲᠠ ᠬᠠᠷᠢᠭᠤᠯᠲᠠ ᠶᠢᠨ ᠮᠥᠷᠦ᠋ᠢᠴᠡᠭᠡᠨ ᠳᠤ᠂ ᠠᠵᠢᠯᠲᠠᠳ ᠤᠯᠤᠰ ᠤᠨ ᠪᠠᠲᠤᠯᠠᠨ ᠬᠠᠮᠠᠭᠠᠯᠠᠯᠲᠠ ᠶᠢᠨ ᠡᠯᠪᠡᠭ ᠪᠠᠶᠠᠯᠢᠭ ᠮᠡᠳᠡᠯᠭᠡ ᠶᠢᠨ ᠰᠡᠳᠦᠪ ᠪᠡᠯᠡᠳᠬᠡᠪᠡ᠃ ᠰᠠᠭᠤᠭᠠᠯᠢ ᠠᠷᠠᠳ ᠢᠳᠡᠪᠬᠢᠲᠡᠢ ᠣᠷᠣᠯᠴᠠᠵᠤ᠂ ᠬᠠᠷᠢᠭᠤᠯᠲᠠ ᠶᠢᠨ ᠰᠡᠳᠦᠪ ᠢ ᠴᠢᠷᠮᠠᠶᠢᠨ ᠬᠠᠷᠢᠭᠤᠯᠪᠠ᠃ ᠤᠯᠠᠨ ᠲᠦᠮᠡᠨ ᠰᠣᠷᠣᠭᠰᠠᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠮᠡᠳᠡᠯᠭᠡ ᠪᠠᠨ ᠪᠠᠬᠢᠵᠢᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠮᠰᠠᠷ ᠢᠶᠠᠨ ᠨᠡᠮᠡᠭᠳᠡᠭᠦᠯᠦᠭᠰᠡᠨ ᠢᠶᠠᠷ ᠪᠠᠷᠠᠬᠤ ᠦᠭᠡᠢ ᠪᠠᠰᠠ ᠤᠯᠤᠰ ᠤᠨ ᠢᠷᠠᠭᠤ ᠠᠯᠳᠠᠷᠲᠤ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠪᠠᠨ ᠳᠡᠭᠡᠭᠰᠢᠯᠡᠭᠦᠯᠵᠦ᠂ ᠨᠡᠩ ᠴᠤ ᠤᠯᠤᠰ ᠤᠨ ᠴᠡᠷᠢᠭ ᠤᠨ ᠶᠠᠪᠤᠳᠠᠯ ᠤᠨ ᠪᠠᠶᠢᠯᠳᠤᠬᠤ ᠪᠤᠳᠤᠯᠭ᠎ᠠ ᠪᠠ ᠲᠡᠦᠬᠡ ᠶᠢᠨ ᠲᠣᠬᠠᠢ ᠭᠦᠨᠵᠡᠭᠡᠢ ᠣᠶᠢᠯᠠᠭᠠᠯᠲᠠ ᠲᠠᠢ ᠪᠣᠯᠭᠠᠬᠰᠠᠨ ᠪᠠᠶᠢᠨ᠎ᠠ᠃      ᠤᠯᠤᠰ ᠤᠨ ᠪᠠᠲᠤᠯᠠᠨ ᠬᠠᠮᠠᠭᠠᠯᠠᠯᠲᠠ ᠶᠢᠨ ᠺᠢᠨᠣ᠋ ᠦᠵᠡᠵᠣ ᠣᠯᠣᠰ ᠢᠶᠠᠨ ᠬᠠᠶᠢᠷᠡᠯᠠᠬᠤ ᠰᠠᠳᠬᠢᠯᠭᠡ ᠶᠢ ᠬᠦᠭᠵᠢᠭᠡᠪᠡ᠃ ᠨᠡᠶᠢᠭᠡᠮ ᠲᠣᠭᠤᠷᠢᠭ ᠤᠨ ᠬᠢᠨ ᠬᠠᠷᠢᠶ᠎ᠠ ᠣᠷᠣᠨ ᠤ ᠰᠠᠭᠤᠭᠠᠯᠢ ᠠᠷᠠᠳ ᠢ ᠵᠣᠬᠢᠶᠠᠨ ᠪᠠᠶᠢᠭᠤᠯᠤᠨ ︽ᠬᠤᠩ ᠬᠠᠢ ᠰᠢᠩ ᠳ᠋ᠦᠩ︾ ᠺᠢᠨᠣ᠋ ᠶᠢ ᠦᠵᠡᠭᠦᠯᠵᠦ᠂ ᠵᠠᠭᠤᠴᠢᠯᠠᠭᠤᠷ ᠢᠶᠠᠷ ᠳᠠᠮᠵᠢᠭᠤᠯᠤᠨ ᠰᠠᠭᠤᠭᠠᠯᠢ ᠠᠷᠠᠳ ᠲᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠴᠢᠬᠤᠯᠠ ᠴᠢᠨᠠᠷ ᠢ ᠨᠡᠩ ᠰᠢᠭᠤᠳ ᠣᠶᠢᠯᠠᠭᠠᠭᠤᠯᠪᠠ᠃ ᠺᠢᠨᠣ᠋ ᠦᠵᠡᠬᠦ ᠪᠠᠷ ᠲᠠᠮᠵᠢᠨ᠂ ᠰᠠᠭᠤᠭᠠᠯᠢ ᠠᠷᠠᠳ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠤᠬᠠᠶ ᠮᠠᠰᠢ ᠣᠯᠠᠨ ᠮᠡᠳᠡᠯᠭᠡ ᠶᠢ ᠰᠤᠷᠴᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠦᠷ ᠬᠦᠴᠦᠨ ᠪᠠ ᠬᠠᠷᠢᠭᠤᠴᠠᠯᠭ᠎ᠠ ᠶᠢ ᠡᠬᠦᠷᠭᠡᠯᠡᠬᠦ ᠶᠢ ᠰᠠᠷᠡᠵᠣ ᠮᠠᠳᠡᠪᠡ ᠭᠡᠵᠦ ᠢᠯᠡᠳᠬᠡᠵᠡᠭᠡᠪᠡ᠃ ᠺᠢᠨᠣ᠋ ᠳᠣᠲᠣᠷᠠᠬᠢ ᠦᠢᠯᠡ ᠶᠠᠪᠤᠳᠠᠯ ᠪᠠ ᠬᠥᠮᠦᠨ ᠤ ᠳᠦᠷᠢ ᠲᠥᠷᠬᠦ ᠨᠢ ᠲᠠᠳᠡᠨᠡᠷ ᠲᠤ ᠤᠯᠤᠰ ᠤᠨ ᠪᠠᠲᠤᠯᠠᠨ ᠬᠠᠮᠠᠭᠠᠯᠠᠯᠲᠠ ᠪᠣᠯ ᠵᠥᠪᠬᠡᠨ ᠤᠯᠤᠰ ᠤᠨ ᠬᠠᠷᠢᠭᠤᠴᠠᠯᠭ᠎ᠠ ᠲᠡᠳᠦᠢ ᠪᠢᠰᠢ᠂ ᠨᠡᠩ ᠴᠤ ᠠᠷᠠᠳ ᠢᠷᠭᠡᠳ ᠤᠨ ᠡᠭᠦᠷᠭᠡ ᠮᠥᠨ ᠭᠡᠳᠡᠭ ᠢ ᠭᠦᠨᠵᠡᠭᠡᠢ ᠲᠠᠨᠢᠭᠤᠯᠤᠭᠰᠠᠨ ᠪᠠᠶᠢᠨ᠎ᠠ᠃      ᠲᠣᠰ ᠤᠳᠠᠭᠠᠨ ᠤ ᠠᠵᠢᠯᠯᠠᠭ᠎ᠠ ᠨᠢ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠮᠡᠳᠡᠯᠭᠡ ᠶᠢ ᠭᠦᠨᠵᠡᠭᠡᠶ ᠣᠶᠢᠯᠠᠭᠠᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠵᠡᠯᠲᠡ ᠶᠢ ᠨᠢ ᠨᠡᠮᠡᠭᠳᠡᠭᠦᠯᠦᠨ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠤᠯᠤᠰ ᠢᠶᠠᠨ ᠬᠠᠶᠢᠷᠠᠯᠠᠬᠤ ᠰᠡᠳᠬᠢᠯᠭᠡ ᠪᠠ ᠦᠨᠳᠦᠰᠦᠲᠡᠨ ᠤ ᠣᠮᠣᠭᠰᠢᠯᠲᠤ ᠰᠡᠳᠬᠢᠯᠭᠡ ᠶᠢ ᠬᠥᠭᠵᠢᠭᠡᠵᠦ᠂ ᠨᠡᠶᠢᠭᠡᠮ ᠲᠣᠭᠤᠷᠢᠭ ᠤᠨ ᠡᠶ᠎ᠡ ᠵᠣᠬᠢᠴᠠᠯ ᠲᠠᠢ ᠲᠣᠭᠲᠠᠭᠤᠨ ᠬᠥᠭᠵᠢᠯᠲᠡ ᠳᠤ ᠪᠠᠲᠤ ᠪᠠᠬᠢ ᠰᠠᠭᠤᠷᠢ ᠲᠠᠯᠪᠢᠬᠤ ᠶᠢᠨ ᠲᠥᠯᠥᠭᠡ ᠶᠤᠮ᠃ ᠲᠠᠷᠠᠭᠠᠴᠢ ᠶᠢᠨ ᠠᠯᠬᠤᠮ ᠳᠤ᠂ ᠢᠷᠪᠢᠰ ᠵᠡᠭᠡᠯᠢ ᠶᠢᠨ ᠨᠦᠮᠦᠷᠭᠡᠨ ᠨᠡᠶᠢᠭᠡᠮ ᠲᠣᠭᠤᠷᠢᠭ ᠤᠯᠠᠨ ᠬᠡᠯᠪᠡᠷᠢ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠨᠡᠩ ᠤᠯᠠᠨ ᠰᠠᠭᠤᠭᠠᠯᠢ ᠠᠷᠠᠳ ᠲᠤ ᠤᠯᠤᠰ ᠤᠨ ᠪᠠᠲᠤᠯᠠᠨ ᠬᠠᠮᠠᠭᠠᠯᠠᠯᠲᠠ ᠶᠢ ᠣᠶᠢᠯᠠᠭᠠᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠯᠠᠮᠵᠢᠯᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠳᠤ ᠣᠷᠣᠯᠴᠠᠭᠤᠯᠤᠨ᠎ᠠ᠃
 
ᠢᠷᠡᠯᠲᠡ᠄ ᠢᠷᠪᠢᠰ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号