ᠷᠡᠰᠢᠶᠠᠨ ᠬᠤᠳᠡ ᠶᠢᠨ ᠯᠢᠨ ᠬᠠᠢ ᠵᠡᠭᠡᠯᠢ ᠨᠠᠮᠤᠷ ᠤᠨ ᠤᠯᠠᠷᠢᠯ ᠤᠨ ᠭᠠᠯ ᠰᠡᠷᠭᠡᠶᠢᠯᠡᠬᠦ ᠤᠬᠠᠭᠤᠯᠭ᠎ᠠ ᠬᠢᠪᠡ
ᠨᠡᠶᠢᠲᠡᠯᠡᠭᠰᠡᠨ ᠴᠠᠭ᠄
2024/9/20
     ᠨᠠᠮᠤᠷ ᠤᠨ ᠤᠯᠠᠷᠢᠯ ᠤᠨ ᠠᠭᠤᠷ ᠠᠮᠢᠰᠬᠤᠯ ᠭᠠᠩ ᠬᠠᠭᠤᠷᠠᠶ᠂ ᠭᠠᠯ ᠤᠨ ᠠᠶᠣᠯ ᠠᠮᠠᠷᠬᠠᠨ ᠡᠭᠦᠰᠬᠦ ᠬᠤᠭᠤᠴᠠᠭ᠎ᠠ ᠪᠣᠯᠤᠨ᠎ᠠ᠂ 2024 ᠣᠨ ᠤ 9 ᠰᠠᠷ᠎ᠠ ᠶᠢᠨ 15 ᠤ ᠡᠳᠦᠷ ᠠᠴᠠ ᠡᠬᠢᠯᠡᠨ᠂ ᠷᠡᠰᠢᠶᠠᠨ ᠬᠤᠳᠡ ᠨᠠᠮᠤᠷ ᠤᠨ ᠤᠯᠠᠷᠢᠯ ᠤᠨ ᠭᠠᠯ ᠢ ᠰᠡᠷᠭᠡᠶᠢᠯᠡᠬᠦ ᠬᠤᠭᠤᠴᠠᠭᠠᠨ ᠳᠤ ᠣᠷᠣᠪᠡ᠃ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠨᠠᠮᠤᠷ ᠤᠨ ᠤᠯᠠᠷᠢᠯ ᠤᠨ ᠭᠠᠯ ᠢ ᠰᠡᠷᠭᠡᠶᠢᠯᠡᠬᠦ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠭᠠᠯ ᠢ ᠰᠡᠷᠭᠡᠶᠢᠯᠡᠬᠦ ᠤᠬᠠᠭᠤᠯᠭ᠎ᠠ ᠶᠢᠨ ᠬᠡᠪᠴᠢᠶ᠎ᠡ ᠶᠢ ᠥᠷᠭᠡᠳᠬᠡᠬᠦ ᠶᠢᠨ ᠲᠥᠯᠥᠭᠡ᠂ 9 ᠰᠠᠷ᠎ᠠ ᠶᠢᠨ 18 ᠤ ᠡᠳᠦᠷ᠂ ᠷᠡᠰᠢᠶᠠᠨ ᠬᠤᠳᠡ ᠶᠢᠨ ᠯᠢᠨ ᠬᠠᠶ ᠵᠡᠭᠡᠯᠢ ᠶᠢᠨ ᠬᠢᠨ ᠨᠠᠮᠤᠷ ᠤᠨ ᠤᠯᠠᠷᠢᠯ ᠤᠨ ᠭᠠᠯ ᠢ ᠰᠡᠷᠭᠡᠶᠢᠯᠡᠬᠦ ᠤᠬᠠᠭᠤᠯᠭ᠎ᠠ ᠬᠢᠪᠡ᠃      ᠠᠵᠢᠯᠲᠠᠳ ︽ᠭᠠᠯ ᠰᠡᠷᠭᠡᠶᠢᠯᠡᠬᠦ ᠤᠬᠠᠮᠰᠠᠷ ᠢᠶᠠᠨ ᠳᠡᠭᠡᠭᠰᠢᠯᠡᠭᠦᠯᠵᠦ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ︾᠂ ︽ᠭᠠᠯ ᠰᠡᠷᠭᠡᠶᠢᠯᠡᠬᠦ ᠮᠡᠳᠡᠯᠭᠡ ᠶᠢ ᠲᠦᠭᠡᠮᠡᠯᠵᠢᠭᠦᠯᠦᠨ᠂ ᠭᠠᠯ ᠰᠡᠷᠭᠡᠶᠢᠯᠡᠬᠦ ᠦᠵᠡᠯᠲᠡ ᠪᠠᠨ ᠴᠢᠩᠭᠠᠳᠬᠠᠬᠤ︾ ᠤᠷᠢᠶ᠎ᠠ ᠯᠣᠽᠦ᠋ᠩ ᠢ ᠡᠯᠭᠦᠵᠦ᠂ ᠪᠣᠳᠠᠲᠠᠶ ᠲᠠᠢ ᠪᠠᠨ ᠤᠶᠠᠯᠳᠤᠭᠤᠯᠤᠨ ᠰᠠᠭᠤᠭᠠᠯᠢ ᠠᠷᠠᠳ ᠲᠤ ᠭᠠᠯ ᠰᠡᠷᠭᠡᠶᠢᠯᠡᠬᠦ ᠮᠡᠳᠡᠯᠭᠡ ᠶᠢ ᠣᠬᠠᠭᠤᠯᠣᠨ ᠲᠠᠶᠢᠯᠪᠣᠷᠢᠯᠠᠵᠣ᠂ ᠰᠠᠭᠤᠭᠠᠯᠢ ᠠᠷᠠᠳ ᠲᠤ ᠳᠤᠷ᠎ᠠ ᠪᠠᠷ ᠢᠶᠠᠨ ᠴᠠᠬᠢᠯᠭᠠᠨ ᠤᠲᠠᠰᠤ ᠲᠠᠲᠠᠬᠤ ᠥᠬᠡᠶ᠂ ᠭᠠᠯ ᠤᠨᠲᠠᠷᠠᠭᠠᠬᠤ ᠵᠠᠮ ᠢ ᠪᠥᠭᠯᠡᠬᠦ ᠥᠬᠡᠶ ᠪᠠᠶᠢᠬᠤ ᠬᠡᠷᠡᠭᠲᠡᠶ ᠭᠡᠵᠦ ᠵᠠᠬᠢᠪᠠ᠃ ᠡᠭᠦᠨ ᠤ ᠬᠠᠮᠲᠤ ᠰᠠᠭᠤᠭᠠᠯᠢ ᠠᠷᠠᠳ ᠲᠤ ᠳᠥᠭᠦᠮ ᠳᠥᠲᠡ ᠭᠠᠯ ᠤᠨᠲᠠᠷᠠᠭᠠᠬᠤ ᠲᠦᠬᠦᠭᠡᠷᠣᠮᠵᠢ᠂ ᠪᠠᠭᠠᠵᠢ ᠬᠡᠷᠡᠭᠰᠡᠯ ᠢ ᠬᠡᠷᠡᠭᠯᠡᠬᠦ ᠠᠷᠭ᠎ᠠ ᠵᠢᠴᠢ ᠭᠠᠯ ᠤᠨ ᠠᠶᠤᠯ ᠤᠨ ᠡᠬᠢᠨ ᠤ ᠬᠤᠭᠤᠴᠠᠭᠠᠨ ᠤ ᠭᠠᠯ ᠤᠨᠲᠠᠷᠠᠭᠠᠬᠤ ᠠᠷᠭ᠎ᠠ ᠪᠣᠯᠤᠨ ᠠᠮᠢ ᠵᠢᠭᠤᠲᠠᠵᠤ ᠥᠪᠡᠷ ᠢ ᠪᠠᠨ ᠠᠪᠤᠷᠠᠬᠤ ᠮᠡᠷᠭᠡᠵᠢᠯ ᠵᠡᠷᠭᠡ ᠠᠭᠤᠯᠭ᠎ᠠ ᠶᠢ ᠮᠡᠳᠡᠭᠳᠡᠵᠦ ᠂ ᠭᠠᠯ ᠤᠨ ᠠᠶᠤᠯ ᠤᠨ ᠡ᠊ᠨᠳᠡᠯ ᠭᠠᠷᠬᠤ ᠶᠢ ᠴᠢᠩᠭ᠎ᠠ ᠰᠡᠷᠭᠡᠶᠢᠯᠡᠵᠡᠢ᠃      ᠲᠣᠰ ᠤᠳᠠᠭᠠᠨ ᠤ ᠨᠠᠮᠤᠷ ᠤᠨ ᠤᠯᠠᠷᠢᠯ ᠤᠨ ᠭᠠᠯ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠨᠢ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠭᠠᠯ ᠤᠨ ᠠᠶᠤᠯ ᠡᠭᠦᠰᠬᠦ ᠶᠢ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠵᠦ᠂ ᠤᠷᠢᠳᠴᠢᠯᠠᠨ ᠰᠡᠷᠭᠡᠶᠢᠯᠡᠵᠦ ᠥᠪᠡᠷ ᠢ ᠪᠠᠨ ᠠᠪᠤᠷᠠᠬᠤ ᠴᠢᠳᠠᠪᠤᠷᠢ ᠶᠢ ᠨᠡᠮᠡᠭᠳᠡᠭᠦᠯᠦᠭᠰᠡᠨ ᠪᠠᠶᠢᠨ᠎ᠠ᠃ ᠲᠣᠰ ᠤᠳᠠᠭᠠᠨ ᠤ ᠲᠤᠰᠬᠠᠶ ᠠᠵᠢᠯᠯᠠᠭ᠎ᠠ ᠳᠤᠮᠳᠠ᠂ ᠬᠠᠷᠢᠶ᠎ᠠ ᠣᠷᠣᠨ ᠤ ᠨᠤᠷᠠᠭᠠᠨ ᠨᠡᠭᠦᠯᠭᠡᠭᠰᠡᠨ ᠥᠬᠡᠶ ᠪᠠᠶᠢᠰᠢᠩ ᠬᠡᠷ ᠤᠨ ᠡᠷᠦᠬᠡ ᠶᠢ ᠭᠤᠤᠯᠳᠠᠯᠭ᠎ᠠ ᠲᠠᠢ ᠪᠠᠶᠢᠴᠠᠭᠠᠵᠣ᠂ ᠰᠢᠩ ᠯᠢᠨ᠂ ᠲᠢᠶᠠᠨ ᠶᠤᠸᠠᠨ ᠬᠤᠶᠠᠷ ᠨᠡᠶᠢᠭᠡᠮ ᠲᠣᠭᠤᠷᠢᠭ ᠲᠠᠢ ᠢᠳᠡᠪᠬᠢᠲᠡᠶ ᠬᠠᠮᠵᠢᠯᠴᠠᠨ ᠵᠣᠬᠢᠴᠠᠭᠤᠯᠵᠤ᠂ ᠶᠠᠮᠠᠷᠪᠠ ᠭᠠᠯ ᠤᠨ ᠠᠶᠤᠯ ᠡᠭᠦᠰᠬᠦ ᠪᠣᠯᠤᠮᠵᠢ ᠶᠢ ᠬᠠᠮᠤᠭ ᠤᠨ ᠳᠣᠤᠷ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠳᠠᠯᠳᠠ ᠬᠡᠮ ᠳᠤ ᠡᠬᠡ ᠲᠠᠩᠰᠠ ᠪᠠᠶᠢᠭᠤᠯᠪᠡ᠃ ᠳᠠᠷᠠᠭᠠᠴᠢ ᠶᠢᠨ ᠠᠯᠬᠤᠮ ᠳᠤ᠂ ᠯᠢᠨ ᠬᠠᠢ ᠵᠡᠭᠡᠯᠢ ᠶᠢᠨ ᠬᠢᠨ ᠨᠠᠮᠤᠷ ᠤᠨ ᠰᠡᠷᠭᠡᠶᠢᠯᠡᠯᠲᠡ ᠶᠢᠨ ᠬᠤᠭᠤᠴᠠᠭᠠᠨ ᠳᠠᠬᠢ ᠬᠠᠮᠢᠶ᠎ᠠ ᠪᠦᠬᠦᠢ ᠠᠵᠢᠯ ᠢ ᠵᠢᠭᠰᠠᠭᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ ᠠᠶᠤᠯ ᠲᠦᠭᠰᠢᠭᠦᠷᠢ ᠶᠢ ᠤᠷᠢᠳᠴᠢᠯᠠᠨ ᠰᠡᠷᠭᠡᠶᠢᠯᠡᠨ᠎ᠠ᠃
 
ᠢᠷᠡᠯᠲᠡ᠄ ᠯᠢᠨ ᠬᠠᠢ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号