ᠷᠡᠰᠢᠶᠠᠨ ᠬᠤᠳᠡ ᠶᠢᠨ  ᠢᠷᠪᠢᠰ ᠵᠡᠭᠡᠯᠢ ᠶᠢᠨ ᠨᠦᠮᠦᠷᠭᠡᠨ ᠨᠡᠶᠢᠭᠡᠮ ᠲᠣᠭᠤᠷᠢᠭ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/9/20
     ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠵᠤ᠂ ᠭᠦᠨ ᠵᠤᠵᠠᠭᠠᠨ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ ᠨᠠᠢᠮᠠᠨ ᠰᠠᠷ᠎ᠠ ᠶᠢᠨ ᠲᠡᠷᠭᠡᠯ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠷᠡᠰᠢᠶᠠᠨ ᠬᠤᠳᠡ ᠶᠢᠨ ᠢᠷᠪᠢᠰ ᠵᠡᠭᠡᠯᠢ ᠶᠢᠨ ᠨᠦᠮᠦᠷᠭᠡᠨ ᠨᠡᠶᠢᠭᠡᠮ ᠲᠣᠭᠤᠷᠢᠭ ︽ᠬᠥᠮᠦᠰ ᠤᠨ ᠰᠡᠳᠬᠢᠯ ᠢ ᠳᠤᠯᠠᠭᠠᠴᠠᠭᠤᠯᠵᠤ ᠨᠠᠮ ᠤᠨ ᠰᠣᠷᠳᠡᠯ ᠢ ᠤᠯᠠᠮᠵᠢᠯᠠᠬᠤ︾ ᠭᠡᠬᠦ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ ᠬᠠᠷᠢᠶ᠎ᠠ ᠣᠷᠣᠨ ᠤ ᠠᠬᠠᠮᠠᠳ ᠨᠠᠮ ᠤᠨ ᠭᠡᠰᠢᠭᠦᠨ ᠪᠣᠯᠤᠨ ᠬᠦᠴᠢᠷᠳᠡᠯᠲᠡᠶ ᠣᠯᠠᠨ ᠲᠦᠮᠡᠨ ᠳᠤ ᠪᠠᠶᠠᠷ ᠤᠨ ᠡᠳᠦᠷ ᠤᠨ ᠵᠥᠩᠨᠡᠯ ᠪᠣᠯᠤᠨ ᠨᠡᠶᠢᠭᠡᠮ ᠲᠣᠭᠤᠷᠢᠭ ᠤᠨ ᠬᠠᠶᠢᠷ᠎ᠠ ᠬᠠᠯᠠᠮᠵᠢ ᠶᠢ ᠬᠦᠷᠭᠡᠪᠡ᠃      ᠨᠡᠶᠢᠭᠡᠮ ᠲᠣᠭᠤᠷᠢᠭ ᠤᠨ ᠠᠵᠢᠯᠲᠠᠳ ᠡᠷᠦᠬᠡ ᠳᠠᠷᠠᠭᠠᠯᠠᠨ ᠬᠠᠷᠢᠶ᠎ᠠ ᠣᠷᠣᠨ ᠤ ᠪᠠᠨ ᠬᠦᠴᠢᠷᠳᠡᠯᠲᠡᠶ ᠣᠯᠠᠨ ᠲᠦᠮᠡᠨ ᠪᠣᠯᠤᠨ ᠠᠬᠠᠮᠠᠳ ᠨᠠᠮ ᠤᠨ ᠭᠡᠰᠢᠭᠦᠨ ᠤ ᠭᠡᠷ ᠢᠶᠠᠷ ᠬᠦᠷᠴᠦ᠂ ᠲᠡᠳᠡᠨ ᠳᠤ ᠶᠧᠪᠡᠩ ᠪᠣᠯᠤᠨ ᠲᠤᠲᠤᠷᠭ᠎ᠠ ᠵᠡᠷᠭᠡ ᠲᠣᠬᠤᠨᠢᠭᠤᠯᠬᠤ ᠪᠣᠳᠠᠰ ᠬᠦᠷᠭᠡᠪᠡ᠃ ᠨᠡᠶᠢᠭᠡᠮ ᠲᠣᠭᠤᠷᠢᠭ ᠤᠨ ᠠᠵᠢᠯᠲᠠᠳ ᠡᠳ᠋ ᠪᠣᠳᠠᠰ ᠤᠨ ᠲᠠᠯ᠎ᠠ ᠪᠠᠷ ᠬᠠᠪᠰᠤᠷᠤᠯᠭ᠎ᠠ ᠦᠵᠡᠭᠦᠯᠦᠭᠰᠡᠨ ᠢᠶᠠᠷ ᠪᠠᠷᠠᠬᠤ ᠦᠭᠡᠢ ᠪᠠᠰᠠ ᠲᠣᠬᠤᠨᠢᠭᠤᠯᠬᠤ ᠡᠲᠡᠭᠡᠳ ᠤᠨ ᠠᠮᠢᠳᠤᠷᠠᠯ ᠤᠨ ᠪᠠᠶᠢᠳᠠᠯ ᠢ ᠠᠩᠬᠠᠷᠴᠤ᠂ ᠲᠣᠬᠤᠨᠢᠭᠤᠯᠬᠤ ᠡᠲᠡᠭᠡᠳ ᠲᠠᠢ ᠵᠣᠭᠤᠭᠳᠠᠵᠤ᠂ ᠲᠡᠳᠡᠨ ᠤ ᠠᠮᠢᠳᠤᠷᠠᠯ ᠤᠨ ᠬᠦᠴᠢᠷᠳᠡᠯ ᠪᠠ ᠬᠡᠷᠡᠭᠴᠡᠭᠡ ᠶᠢ ᠣᠶᠢᠯᠠᠭᠠᠵᠤ᠂ ᠲᠡᠳᠡᠨ ᠳᠤ ᠬᠠᠪᠰᠤᠷᠤᠯᠭ᠎ᠠ ᠪᠠ ᠳᠡᠮᠵᠢᠯᠭᠡ ᠦᠵᠡᠭᠦᠯᠥᠭᠰᠠᠨ ᠪᠠᠶᠢᠨ᠎ᠠ᠃      ᠢᠷᠪᠢᠰ ᠵᠡᠭᠡᠯᠢ ᠶᠢᠨ ᠨᠦᠮᠦᠷᠭᠡᠨ ᠨᠡᠶᠢᠭᠡᠮ ᠲᠣᠭᠤᠷᠢᠭ ᠨᠢ ᠬᠠᠷᠢᠶ᠎ᠠ ᠣᠷᠣᠨ ᠤ ᠠᠬᠠᠮᠠᠳ ᠨᠠᠮ ᠤᠨ ᠭᠡᠰᠢᠭᠦᠨ ᠪᠣᠯᠤᠨ ᠬᠦᠴᠢᠷᠳᠡᠯᠲᠡᠶ ᠣᠯᠠᠨ ᠲᠦᠮᠡᠨ ᠤ ᠠᠮᠢᠳᠤᠷᠠᠯ ᠤᠨ ᠪᠠᠶᠢᠳᠠᠯ ᠢ ᠦᠷᠭᠦᠯᠵᠢᠯᠡᠨ ᠠᠩᠬᠠᠷᠴᠤ᠂ ᠡᠯ᠎ᠡ ᠲᠥᠷᠥᠯ ᠤᠨ ᠬᠠᠪᠰᠤᠷᠤᠨ ᠲᠡᠳᠬᠦᠬᠦ ᠪᠠ ᠬᠠᠯᠠᠮᠵᠢᠯᠠᠨ ᠬᠠᠶᠢᠷᠠᠯᠠᠬᠤ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠦᠨ᠎ᠡ᠃ ᠡᠭᠦᠨ ᠤ ᠬᠠᠮᠲᠤ᠂ ᠦᠢᠯᠡᠴᠢᠯᠡᠭᠡᠨ ᠤ ᠠᠷᠭ᠎ᠠ ᠮᠠᠶ᠋ᠢᠭ ᠢ ᠢᠳᠡᠪᠬᠢᠲᠡᠶ ᠪᠠᠷ ᠰᠦᠪᠡᠭᠴᠢᠯᠡᠬᠦ ᠪᠠ ᠰᠢᠨ᠎ᠡ ᠶᠢ ᠡᠭᠦᠳᠴᠦ᠂ ᠰᠠᠭᠤᠭᠠᠯᠢ ᠠᠷᠠᠳ ᠲᠤ ᠨᠠᠩ ᠴᠢᠨᠠᠷ ᠰᠠᠶᠢᠲᠠᠶ᠂ ᠳᠥᠭᠦᠮ ᠳᠥᠲᠡ ᠦᠢᠯᠡᠴᠢᠯᠡᠭᠡ ᠬᠠᠩᠭᠠᠨ᠎ᠠ᠃
 
ᠢᠷᠡᠯᠲᠡ᠄ ᠢᠷᠪᠢᠰ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号