ᠷᠡᠰᠢᠶᠠᠨ ᠬᠤᠳᠡ ᠶᠢᠨ ᠲᠢᠶᠠᠨ ᡂᠢ ᠪᠠᠯᠭᠠᠰᠤ ᠪᠠᠶᠠᠷ ᠤᠨ ᠡᠳᠦᠷ ᠠᠴᠠ ᠡᠮᠦᠨᠡᠬᠢ ᠠᠶᠤᠯᠭᠦᠢ ᠦᠢᠯᠡᠳᠪᠦᠷᠢᠯᠡᠯ ᠵᠢᠴᠢ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠬᠢᠵᠡᠢ
ᠨᠡᠶᠢᠲᠡᠯᠡᠭᠰᠡᠨ ᠴᠠᠭ᠄
2024/9/20
     ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠤᠨ ᠡᠳᠦᠷ ᠬᠦᠷᠴᠦ ᠢᠷᠡᠬᠦ ᠲᠠᠰᠢᠷᠠᠮ ᠳᠤ᠂ ᠬᠠᠷᠢᠶ᠎ᠠ ᠣᠷᠣᠨ ᠤ ᠭᠠᠯ ᠤᠨ ᠠᠶᠤᠯ ᠤᠨ ᠳᠠᠯᠳᠠ ᠭᠡᠮ ᠢ ᠤᠯᠠᠮ ᠨᠢᠭᠡ ᠠᠯᠬᠤᠮ ᠠᠷᠢᠯᠭᠠᠵᠤ᠂ ᠭᠠᠯ ᠤᠨ ᠠᠶᠤᠯ ᠵᠡᠷᠭᠡ ᠠᠮᠤᠷ ᠲᠦᠪᠰᠢᠨ ᠤ ᠡ᠊ᠨᠳᠡᠯ ᠭᠠᠷᠬᠤ ᠶᠢ ᠰᠡᠷᠭᠡᠶᠢᠯᠡᠨ ᠬᠤᠷᠢᠭᠯᠠᠵᠤ᠂ ᠡᠶ᠎ᠡ ᠵᠣᠬᠢᠴᠠᠯ ᠲᠠᠢ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠵᠤ᠂ ᠥᠷᠭᠡᠨ ᠣᠯᠠᠨ ᠰᠠᠭᠤᠭᠠᠯᠢ ᠠᠷᠠᠳ ᠤᠨ ᠠᠮᠤᠷ ᠠᠮᠤᠭᠤᠯᠠᠩ᠂ ᠪᠠᠶᠠᠷ ᠪᠠᠶᠠᠰᠬᠤᠯᠠᠩ ᠲᠠᠢ᠂ ᠡᠶ᠎ᠡ ᠨᠠᠶᠢᠷᠠᠮᠳᠠᠭᠤ ᠠᠮᠠᠷᠠᠯᠲᠠ ᠶᠢᠨ ᠬᠤᠭᠤᠴᠠᠭ᠎ᠠ ᠶᠢ ᠥᠩᠭᠡᠷᠡᠭᠦᠯᠬᠦ ᠶᠢ ᠪᠠᠲᠤᠯᠠᠬᠤ ᠶᠢᠨ ᠲᠥᠯᠥᠭᠡ᠂ 9 ᠰᠠᠷ᠎ᠠ ᠶᠢᠨ 13 ᠤ ᠡᠳᠦᠷ᠂ ᠷᠡᠰᠢᠶᠠᠨ ᠬᠤᠳᠡ ᠶᠢᠨ ᠲᠢᠶᠠᠨ ᡂᠢ ᠪᠠᠯᠭᠠᠰᠤ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠲᠣᠪᠴᠢᠶ᠎ᠠ᠂ ᠬᠤᠲᠠ ᠶᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠠᠮᠤᠷ ᠲᠦᠪᠰᠢᠨ ᠤ ᠪᠠᠶᠢᠴᠠᠭᠠᠯᠲᠠ ᠶᠢᠨ ᠥᠷᠲᠡᠭᠡ ᠲᠠᠢ ᠬᠠᠮᠲᠤᠷᠠᠨ ᠪᠠᠶᠠᠷ ᠤᠨ ᠡᠳᠦᠷ ᠠᠴᠠ ᠡᠮᠦᠨᠡᠬᠢ ᠭᠠᠯ ᠤᠨᠲᠠᠷᠠᠭᠠᠬᠤ ᠠᠶᠤᠯᠭᠦᠶ ᠦᠢᠯᠡᠳᠪᠦᠷᠢᠯᠡᠯ ᠤᠨ ᠪᠠᠶᠢᠴᠠᠭᠠᠯᠲᠠ ᠪᠠ ᠤᠬᠠᠭᠤᠯᠭ᠎ᠠ ᠶᠢᠨ ᠠᠵᠢᠯ ᠥᠷᠨᠢᠭᠦᠯᠪᠡ᠃      ᠲᠣᠰ ᠤᠳᠠᠭᠠᠨ ᠤ ᠪᠠᠶᠢᠴᠠᠭᠠᠯᠲᠠ ᠶᠢᠨ ᠠᠵᠢᠯᠯᠠᠭ᠎ᠠ ᠨᠢ ᠬᠠᠷᠢᠶ᠎ᠠ ᠣᠷᠣᠨ ᠤ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠵᠠᠷ᠂ ᠲᠣᠰᠣ ᠨᠡᠮᠡᠬᠦ ᠥᠷᠲᠡᠭᠡ᠂ ᠲᠡᠮᠦᠷ ᠤᠨ ᠠᠭᠤᠷᠬᠠᠶ᠂ ᠬᠤᠳᠠᠯᠳᠤᠭᠠᠴᠢᠨ ᠡᠷᠦᠬᠡ ᠵᠡᠷᠭᠡ ᠭᠤᠤᠯᠳᠠᠯᠭ᠎ᠠ ᠲᠠᠢ ᠦᠢᠯᠡᠳᠪᠦᠷᠢᠯᠡᠯ ᠡᠵᠡᠩᠨᠡᠯᠲᠡ ᠪᠠ ᠪᠠᠷᠢᠯᠭ᠎ᠠ ᠶᠢᠨ ᠭᠠᠵᠠᠷ ᠢ ᠭᠤᠤᠯᠳᠠᠯᠭ᠎ᠠ ᠲᠠᠢ ᠪᠠᠶᠢᠴᠠᠭᠠᠨ ᠦᠵᠡᠵᠦ᠂ ᠪᠠᠶᠢᠴᠠᠭᠠᠬᠤ ᠳᠤᠭᠤᠶᠢᠯᠠᠩ ᠤᠷᠢᠳ ᠬᠤᠵᠢᠳ ᠢᠯᠴᠢ ᠶᠢᠨ ᠬᠦᠴᠦᠨ ᠤ ᠬᠤᠶᠠᠳᠤᠭᠠᠷ ᠬᠤᠭᠤᠴᠠᠭ᠎ᠠ᠂ ᠯᠢᠩ ᠨᠠᠨ ᠤ ᠰᠢᠩᠭᠡᠨᠵᠢᠮᠡᠯ ᠬᠡᠢ ᠶᠢᠨ ᠬᠡᠶ ᠨᠡᠮᠡᠬᠦ ᠥᠷᠲᠡᠭᠡ᠂ ᠷᠦᠨ ᠰᠢᠩ ᠲᠡᠮᠦᠷ ᠤᠨ ᠠᠭᠤᠷᠬᠠᠶ᠂ ᠲᠢᠶᠠᠨ ᠹᠦ᠋ ᠲᠣᠰᠣ ᠨᠡᠮᠡᠬᠦ ᠥᠷᠲᠡᠭᠡ ᠵᠡᠷᠭᠡ ᠭᠤᠤᠯᠳᠠᠯᠭ᠎ᠠ ᠲᠠᠢ ᠠᠵᠤ ᠠᠬᠤᠶᠢᠯᠠᠯ ᠪᠠ ᠬᠤᠳᠠᠯᠳᠤᠭᠠᠴᠢᠨ ᠡᠷᠦᠬᠡ ᠪᠠᠷ ᠬᠥᠷᠪᠡ᠃ ᠪᠠᠶᠢᠴᠠᠭᠠᠬᠤ ᠠᠵᠢᠯᠲᠠᠳ ᠡᠯ᠎ᠡ ᠲᠠᠯᠠᠪᠤᠷ ᠢ ᠲᠣᠭᠤᠷᠢᠨ ᠪᠠᠶᠢᠴᠠᠭᠠᠭᠰᠠᠨ ᠪᠥᠭᠡᠳ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠣ᠂ ᠭᠠᠯ ᠤᠨᠲᠠᠷᠠᠭᠠᠬᠤ ᠲᠠᠷᠬᠠᠭᠠᠯᠲᠠ ᠶᠢᠨ ᠵᠠᠮ ᠰᠠᠭᠠᠳ ᠥᠬᠡᠶ ᠪᠠᠶᠢᠬᠤ ᠶᠢ ᠪᠠᠲᠤᠯᠠᠭᠰᠠᠨ ᠡᠰᠡᠬᠦ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠤᠨ ᠪᠦᠷᠢᠨ ᠪᠦᠲᠦᠨ ᠪᠥᠭᠡᠳ ᠬᠤᠬᠢᠷᠠᠯ ᠥᠬᠡᠶ ᠪᠠᠶᠢᠬᠤ ᠡᠰᠡᠬᠦ ᠵᠡᠷᠭᠡ ᠵᠠᠩᠭᠢᠯᠠᠭ᠎ᠠ ᠶᠢᠨ ᠲᠥᠬᠦᠭᠡᠷᠦᠮᠵᠢ ᠶᠢ ᠭᠤᠤᠯᠳᠠᠯᠭ᠎ᠠ ᠲᠠᠢ ᠪᠠᠶᠢᠴᠠᠭᠠᠵᠤ᠂ ᠪᠠᠷᠢᠯᠭ᠎ᠠ ᠶᠢᠨ ᠭᠠᠵᠠᠷ ᠤᠨ ᠠᠮᠤᠷ ᠲᠦᠪᠰᠢᠨ ᠢᠶᠠᠷ ᠪᠠᠷᠢᠯᠭ᠎ᠠ ᠪᠠᠷᠢᠬᠤ ᠲᠠᠯ᠎ᠠ ᠪᠠᠷ ᠪᠣᠳᠠᠲᠠᠶ ᠱᠠᠭᠠᠷᠳᠠᠯᠭ᠎ᠠ ᠳᠤᠷᠠᠳᠪᠠ᠃ ᠡᠭᠦᠨ ᠤ ᠬᠠᠮᠲᠤ᠂ ᠰᠢᠩᠭᠡᠨᠵᠢᠮᠡᠯ ᠬᠡᠢ ᠶᠢᠨ ᠥᠷᠲᠡᠭᠡ ᠳᠤ ᠴᠢᠭᠯᠡᠭᠦᠯᠦᠨ᠂ ᠠᠵᠢᠯᠲᠠᠳ ᠰᠢᠩᠭᠡᠨᠵᠢᠮᠡᠯ ᠬᠡᠢ ᠶᠢ ᠬᠡᠷᠡᠭᠯᠡᠬᠦ ᠪᠠ ᠬᠠᠳᠠᠭᠠᠯᠠᠬᠤ ᠠᠮᠤᠷ ᠲᠦᠪᠰᠢᠨ ᠤ ᠠᠰᠠᠭᠤᠳᠠᠯ ᠢ ᠭᠤᠤᠯᠳᠠᠯᠭ᠎ᠠ ᠲᠠᠢ ᠪᠠᠶᠢᠴᠠᠭᠠᠵᠤ᠂ ᠲᠣᠭᠲᠠᠭᠠᠯ ᠠᠴᠠ ᠵᠥᠷᠢᠴᠡᠨ ᠠᠵᠢᠯᠯᠠᠬᠤ ᠦᠵᠡᠭᠳᠡᠯ ᠣᠷᠣᠰᠢᠵᠤ ᠪᠠᠶᠢᠬᠤ ᠡᠰᠡᠬᠦ ᠶᠢ ᠪᠠᠶᠢᠴᠠᠭᠠᠪᠠ᠃ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠵᠦ᠂ ᠲᠤᠬᠠᠶ ᠶᠢᠨ ᠲᠠᠯᠠᠪᠤᠷ ᠲᠤ ᠬᠠᠷᠢᠭᠤᠴᠠᠯᠭᠠᠲᠠᠨ ᠢ ᠵᠢᠯᠣᠭᠤᠳᠤᠨ ᠴᠡᠭᠴᠡᠯᠡᠨ ᠰᠠᠶᠢᠵᠢᠷᠠᠭᠤᠯᠵᠤ᠂ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠶᠢ ᠪᠡᠶᠡᠯᠡᠭᠦᠯᠵᠦ᠂ ᠬᠠᠷᠢᠭᠤᠴᠠᠯᠭᠠᠲᠠᠨ ᠢ ᠱᠠᠯᠠᠪᠳᠡᠭᠤᠯᠣᠨ ᠠᠶᠤᠯᠭᠦᠶ ᠣᠶᠢᠯᠡᠳᠪᠦᠷᠢᠯᠡᠯ ᠵᠢᠴᠢ ᠭᠠᠯ ᠤᠨᠲᠠᠷᠠᠭᠠᠬᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠡᠳᠦᠷ ᠲᠤᠲᠤᠮ ᠤᠨ ᠪᠠᠶᠢᠴᠠᠭᠠᠯᠲᠠ ᠶᠢ ᠴᠢᠩᠭᠠᠳᠬᠠᠵᠤ᠂ ᠴᠠᠬᠢᠯᠭᠠᠨ ᠬᠡᠷᠡᠭᠯᠡᠬᠦ᠂ ᠭᠠᠯ ᠬᠡᠷᠡᠭᠯᠡᠬᠦ᠂ ᠬᠡᠶ ᠬᠡᠷᠡᠭᠯᠡᠬᠦ ᠵᠡᠷᠭᠡ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ᠃ ᠬᠠᠷᠢᠭᠤᠴᠠᠯᠭ᠎ᠠ ᠡᠭᠦᠷᠭᠡᠯᠡᠭᠴᠢ ᠶᠢᠨ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠦᠵᠡᠯ ᠤᠬᠠᠮᠰᠠᠷ ᠢ ᠨᠡᠮᠡᠭᠳᠡᠭᠦᠯᠦᠨ᠂ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠳᠠᠯᠳᠠ ᠭᠡᠮ ᠢ ᠡᠳᠦᠷ ᠲᠤᠲᠤᠮ ᠤᠨ ᠰᠠᠶᠢᠲᠤᠷ ᠪᠠᠶᠢᠴᠠᠭᠠᠵᠤ᠂ ᠬᠡᠷᠡᠭ ᠭᠠᠷᠬᠤ ᠠᠴᠠ ᠡᠮᠦᠨ᠎ᠡ ᠰᠡᠷᠭᠡᠶᠢᠯᠡᠬᠦ   ᠶᠢ ᠴᠢᠩᠭᠠᠳᠬᠠᠪᠡ᠃      ᠲᠣᠰ ᠤᠳᠠᠭᠠᠨ ᠤ ᠭᠠᠯ ᠤᠨᠲᠠᠷᠠᠭᠠᠬᠤ ᠠᠮᠤᠷ ᠲᠦᠪᠰᠢᠨ ᠤ ᠶᠡᠭᠡ ᠪᠠᠶᠢᠴᠠᠭᠠᠯᠲᠠ ᠪᠠᠷ ᠳᠡᠮᠵᠢᠨ᠂ ᠬᠠᠷᠢᠶ᠎ᠠ ᠣᠷᠣᠨ ᠳᠤ ᠣᠷᠣᠰᠢᠵᠤ ᠪᠠᠶᠢᠭ᠎ᠠ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ᠂ ᠬᠠᠷᠢᠶ᠎ᠠ ᠣᠷᠣᠨ ᠤ ᠠᠮᠤᠷ ᠲᠦᠪᠰᠢᠨ ᠤ ᠡ᠊ᠨᠳᠡᠯ ᠭᠠᠷᠬᠤ ᠶᠢ ᠪᠦᠲᠦᠮᠵᠢᠲᠡᠶ ᠬᠤᠷᠢᠭᠯᠠᠬᠤ ᠶᠢᠨ ᠬᠠᠮᠲᠤ ᠬᠠᠷᠢᠶ᠎ᠠ ᠣᠷᠣᠨ ᠤ ᠰᠠᠭᠤᠭᠠᠯᠢ ᠠᠷᠠᠳ᠂ ᠬᠤᠳᠠᠯᠳᠤᠭᠠᠨ ᠤ ᠡᠷᠦᠬᠡ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠷᠢᠶ᠎ᠠ ᠣᠷᠣᠨ ᠤ ᠰᠠᠭᠤᠭᠠᠯᠢ ᠠᠷᠠᠳ ᠲᠤ ᠠᠮᠤᠷ ᠲᠦᠪᠰᠢᠨ ᠲᠣᠭᠲᠠᠭᠤᠨ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠣᠶ ᠪᠣᠯᠭᠠᠵᠤ ᠥᠭᠴᠡᠶ᠃
 
ᠢᠷᠡᠯᠲᠡ᠄ ᠲᠢᠶᠠᠨ ᡂᠢ ᠪᠠᠯᠭᠠᠰᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号