ᠶᠠᠩ ᠶᠦᠩ ᠵᠢᠦ ᠶᠡᠷᠤᠩᠬᠡᠢ ᠣᠶ ᠰᠢᠭᠤᠶ ᠨᠤᠳᠤᠭ ᠪᠡᠯᠴᠢᠭᠡᠷ ᠤᠨ ᠳᠠᠷᠤᠭ᠎ᠠ ᠶᠢᠨ ᠣᠶ ᠰᠢᠭᠤᠶ ᠶᠢ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2024/9/24
    9 ᠰᠠᠷ᠎ᠠ ᠶᠢᠨ 23 ᠤ ᠡᠳᠦᠷ᠂ ᠬᠢᠩᠭᠠᠨ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠳᠡᠳ᠋ ᠡᠷᠬᠢᠯᠡᠭᠴᠢ ᠪᠠᠷ ᠨᠡᠷ᠎ᠡ ᠳᠤᠷᠠᠳᠤᠭᠳᠠᠭᠰᠠᠨ ᠵᠢᠱᠢᠭᠳᠡᠭᠴᠢ᠂ ᠷᠠᠰᠢᠶᠠᠨ ᠬᠤᠲᠠ ᠶᠢᠨ ᠨᠠᠮ ᠤᠨ ᠬᠤᠷᠢᠶᠠᠨ ᠤ ᠱᠦᠵᠢ᠂ ᠶᠡᠷᠦᠩᠬᠡᠶ ᠣᠶ ᠰᠢᠭᠤᠶ ᠨᠤᠲᠤᠭ ᠪᠡᠯᠴᠢᠭᠡᠷ ᠤᠨ ᠳᠠᠷᠤᠭ᠎ᠠ ᠶᠠᠩ ᠶᠦᠩ ᠵᠢᠦ ᠲᠤᠯᠠᠷ ᠣᠶ ᠰᠢᠭᠤᠶ ᠶᠢᠨ ᠲᠠᠯᠠᠪᠠᠶ ᠪᠠᠷ ᠬᠦᠷᠴᠦ ᠣᠶ ᠰᠢᠭᠤᠶ ᠨᠤᠲᠤᠭ ᠪᠡᠯᠴᠢᠭᠡᠷ ᠤᠨ ᠳᠠᠷᠤᠭ᠎ᠠ ᠶᠢᠨ ᠲᠦᠷᠢᠮ ᠤᠨ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ  ᠢᠶᠠᠨ ᠲᠣᠬᠢᠷᠠᠭᠤᠯᠤᠨ ᠪᠠᠶᠢᠷᠢᠯᠠᠭᠤᠯᠪᠠ᠃  ᠶᠠᠩ ᠶᠦᠩ ᠵᠢᠦ᠂ ᠣᠶ ᠰᠢᠭᠤᠶ ᠨᠤᠳᠤᠭ ᠪᠡᠯᠴᠢᠭᠡᠷ ᠤᠨ ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠬᠦ ᠪᠣᠯ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠶ ᠦᠢᠯᠡᠳᠦᠯᠭᠡ ᠮᠥᠨ᠃ ᠡᠯ᠎ᠡ ᠱᠠᠲᠤᠨ ᠤ ᠣᠶ ᠰᠢᠭᠤᠶ ᠨᠤᠳᠤᠭ ᠪᠡᠯᠴᠢᠭᠡᠷ ᠤᠨ ᠳᠠᠷᠤᠭ᠎ᠠ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ ᠣᠶᠢᠯᠠᠭᠠᠭᠳᠠᠬᠤᠨ ᠢ ᠪᠠᠲᠤ ᠪᠣᠶ ᠪᠣᠯᠭᠠᠵᠤ᠂ ᠠᠵᠢᠯ ᠤᠨ ᠱᠠᠭᠠᠷᠳᠠᠯᠭ᠎ᠠ ᠲᠠᠢ ᠬᠠᠷᠢᠴᠠᠭᠤᠯᠤᠨ᠂ ᠡᠭᠦᠷᠭᠡ ᠶᠢᠨ ᠠᠵᠢᠯ ᠤᠨ ᠬᠤᠪᠢᠶᠠᠷᠢᠯᠠᠯ ᠢᠶᠠᠨ ᠨᠠᠷᠢᠯᠢᠬᠵᠢᠭᠤᠯᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠬᠦ ᠬᠡᠷᠡᠭᠲᠡᠶ᠃ ᠠᠵᠢᠯ ᠤᠨ ᠵᠢᠯᠣᠭᠤᠳᠤᠯᠭ᠎ᠠ ᠪᠠᠨ ᠦᠨᠡᠨ ᠬᠦ ᠴᠢᠩᠭᠠᠳᠬᠠᠵᠤ᠂ ᠨᠢᠭᠡᠳᠦᠭᠡᠷ ᠹᠷᠣᠨᠲ ᠢᠶᠠᠷ ᠭᠦᠨᠵᠡᠭᠡᠶᠢᠷᠡᠨ ᠠᠰᠠᠭᠤᠳᠠᠯ ᠤᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠣᠶ ᠰᠢᠭᠤᠶ ᠶᠢ ᠲᠣᠭᠤᠷᠢᠨ ᠪᠠᠶᠢᠴᠠᠭᠠᠬᠤ ᠠᠵᠢᠯ ᠢ ᠪᠠᠶᠢᠩᠭᠤᠵᠢᠭᠤᠯᠤᠨ ᠰᠠᠶᠢᠲᠤᠷ ᠬᠢᠵᠦ᠂ ᠱᠠᠲᠤ ᠱᠠᠲᠤ ᠪᠠᠷ ᠬᠠᠷᠢᠭᠤᠴᠠᠯᠭ᠎ᠠ ᠲᠠᠢ᠂ ᠱᠠᠲᠤ ᠳᠠᠷᠠᠭᠠᠯᠠᠨ ᠨᠠᠶᠢᠳᠠᠪᠤᠷᠢᠵᠢᠭᠤᠯᠤᠯᠲᠠ ᠶᠢ ᠠᠳᠬᠤᠬᠤ ᠣᠷᠳᠣ ᠬᠤᠭᠤᠴᠠᠭᠠᠨ ᠤ ᠪᠦᠲᠦᠮᠵᠢᠲᠡᠶ ᠠᠵᠢᠯ ᠤᠨ ᠪᠠᠶᠢᠷᠢᠰᠢᠯ ᠢ ᠲᠦᠷᠭᠡᠳᠬᠡᠨ ᠪᠣᠶ ᠪᠣᠯᠭᠠᠵᠤ᠂ ᠬᠠᠷᠠᠯᠲᠠ ᠡᠭᠦᠷᠭᠡ ᠪᠠᠨ ᠴᠢᠨᠠᠷ ᠰᠠᠶᠢᠲᠠᠶ ᠪᠡᠶᠡᠯᠡᠭᠦᠯᠬᠦ ᠶᠢ  ᠦᠨᠡᠨ ᠬᠦ ᠪᠠᠲᠤᠯᠠᠵᠤ᠂ ᠣᠶ ᠰᠢᠭᠤᠶ ᠨᠤᠳᠤᠭ ᠪᠡᠯᠴᠢᠭᠡᠷ ᠤᠨ ᠳᠠᠷᠤᠭ᠎ᠠ ᠶᠢᠨ ᠲᠦᠷᠢᠮ ᠤᠨ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃  
 
ᠢᠷᠡᠯᠲᠡ᠄ ᠷᠠᠰᠢᠶᠠᠨ ᠬᠤᠳᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号