| 9 ᠰᠠᠷ᠎ᠠ ᠶᠢᠨ 23 ᠤ ᠡᠳᠦᠷ᠂ ᠬᠢᠩᠭᠠᠨ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠠᠵᠢᠯ ᠤᠨ ᠵᠥᠪᠯᠡᠯ ᠤᠨ ᠳᠡᠳ᠋ ᠡᠷᠬᠢᠯᠡᠭᠴᠢ ᠪᠠᠷ ᠨᠡᠷ᠎ᠡ ᠳᠤᠷᠠᠳᠤᠭᠳᠠᠭᠰᠠᠨ ᠵᠢᠱᠢᠭᠳᠡᠭᠴᠢ᠂ ᠷᠠᠰᠢᠶᠠᠨ | ᠬᠤᠳᠠ ᠶᠢᠨ ᠨᠠᠮ ᠤᠨ ᠬᠤᠷᠢᠶᠠᠨ ᠤ ᠱᠦᠵᠢ ᠶᠠᠩ ᠶᠦᠩ ᠵᠢᠦ ᠤᠷᠢᠳ ᠬᠤᠵᠢᠳ ᠢᠯᠴᠢ ᠬᠠᠩᠭᠠᠬᠤ ᠬᠤᠭᠤᠯᠠᠢ | ᠲᠣᠣᠷ ᠢ ᠥᠭᠡᠷᠡᠴᠢᠯᠡᠨ ᠪᠠᠶᠢᠭᠤᠯᠬᠤ ᠲᠦᠷᠦᠯ ᠵᠦᠢᠯ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠥᠪ᠂ ᠤᠢ ᠰᠢᠭᠤᠢ ᠶᠢᠨ ᠠᠵᠤ ᠦᠢᠯᠡᠳᠪᠦᠷᠢ ᠶᠢᠨ ᠺᠣᠮᠫᠠᠨᠢ ᠶᠢᠨ ᠪᠠᠴᠢᠮ | ᠪᠠᠶᠢᠳᠠᠯ ᠢ ᠠᠷᠭᠠᠴᠠᠭᠠᠬᠤ ᠲᠥᠪ ᠵᠡᠷᠭᠡ ᠭᠠᠵᠠᠷ ᠢᠶᠠᠷ ᠬᠦᠷᠴᠦ᠂ ︽ᠳᠤᠯᠠᠭᠠᠯᠠᠭ᠎ᠠ ᠶᠢᠨ ᠢᠨᠵᠧᠨᠧᠷᠢᠩ︾ ᠤᠨ | ᠪᠠᠶᠢᠭᠤᠯᠤᠯᠲᠠ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠦᠬᠦᠮ ᠦᠵᠡᠭᠦᠯᠬᠦ | ᠬᠠᠯᠠᠮᠰᠢᠯ ᠤᠲᠠᠰᠤᠨ ᠤ ᠠᠵᠢᠯᠯᠠᠭ᠎ᠠ᠂ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠵᠤ ᠤᠨᠳᠠᠷᠠᠭᠠᠬᠤ | ᠵᠡᠷᠭᠡ ᠪᠠᠶᠢᠳᠠᠯ ᠢ ᠪᠠᠶᠢᠴᠠᠭᠠᠨ ᠰᠤᠳᠤᠯᠵᠤ ᠤᠢᠢᠯᠠᠭᠠᠭᠰᠠᠨ ᠪᠥᠭᠡᠳ ᠳᠠᠷᠠᠭᠠᠴᠢ ᠶᠢᠨ ᠠᠯᠬᠤᠮ ᠤᠨ ᠠᠵᠢᠯ ᠢᠶᠠᠨ | ᠲᠤᠬᠢᠷᠠᠭᠤᠯᠤᠨ ᠪᠠᠶᠢᠷᠢᠯᠠᠭᠤᠯᠵᠠᠢ᠃ | ᠶᠠᠩ ᠶᠦᠩ ᠵᠢᠦ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ | ᠦᠵᠡᠭᠦᠯᠬᠦ ᠬᠠᠯᠠᠮᠰᠢᠯ ᠤᠲᠠᠰᠤᠨ ᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠠᠷᠠᠳ ᠣᠯᠠᠨ ᠤ ᠬᠦᠰᠡᠯ | ᠱᠠᠭᠠᠷᠳᠠᠯᠭ᠎ᠠ ᠨᠢᠭᠡᠪᠦᠷᠢ ᠶᠢ ᠨᠠᠷᠢᠨ ᠬᠢᠨᠠᠮᠠᠭᠠᠶ ᠰᠣᠨᠣᠰᠴᠤ᠂ ᠬᠦᠰᠡᠯ ᠱᠠᠭᠠᠷᠳᠠᠯᠭ᠎ᠠ ᠨᠢᠭᠡᠪᠦᠷᠢ ᠶᠢ ᠰᠡᠳᠬᠢᠯ ᠳᠡᠯᠪᠢᠨ | ᠰᠢᠢᠳᠪᠦᠷᠢᠯᠡᠬᠦ ᠶᠢᠨ ᠬᠠᠮᠲᠤ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠬᠦ ᠪᠥᠬᠦ ᠲᠠᠯ᠎ᠠ ᠶᠢᠨ ᠨᠡᠶᠢᠲᠡᠯᠢᠭ ᠴᠢᠨᠠᠷᠲᠠᠶ | ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠬᠦ ᠶᠢ ᠠᠩᠬᠠᠷᠴᠤ᠂ ᠪᠠᠶᠢᠩᠭᠤ ᠠᠳᠬᠤᠬᠤ ᠣᠷᠳᠣ ᠬᠤᠭᠤᠴᠠᠭᠠᠨ ᠤ | ᠪᠦᠲᠦᠮᠵᠢᠲᠡᠶ ᠠᠵᠢᠯ ᠤᠨ ᠲᠣᠭᠲᠠᠴᠠ ᠶᠢ ᠲᠦᠷᠭᠡᠳᠬᠡᠨ ᠪᠠᠶᠢᠭᠤᠯᠵᠤ᠂ ᠭᠥᠯᠢᠶᠡᠨ ᠠᠪᠴᠤ ᠰᠢᠢᠳᠪᠦᠷᠢᠯᠡᠬᠦ᠂ | ᠲᠤᠰᠢᠶᠠᠨ ᠥᠭᠴᠦ ᠰᠢᠢᠳᠪᠦᠷᠢᠯᠡᠭᠦᠯᠬᠦ᠂ ᠴᠡᠭᠴᠡᠯᠡᠨ ᠰᠠᠶᠢᠵᠢᠷᠠᠭᠤᠯᠬᠤ᠂ ᠬᠠᠷᠢᠭᠤ ᠲᠤᠰᠬᠠᠬᠤ ᠵᠡᠷᠭᠡ ᠪᠥᠬᠦ | ᠶᠠᠪᠤᠴᠠ ᠶᠢᠨ ᠠᠵᠢᠯ ᠤᠨ ᠶᠠᠪᠤᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠶᠠᠪᠤᠳᠠᠯ ᠪᠣᠯᠭᠠᠨ ᠳᠤ | ᠬᠠᠷᠢᠭᠤᠯᠲᠠ ᠥᠭᠴᠦ᠂ ᠶᠠᠪᠤᠳᠠᠯ ᠪᠦᠬᠦᠨ ᠢ ᠨᠠᠶᠢᠳᠠᠪᠤᠷᠢᠵᠢᠭᠤᠯᠬᠤ ᠶᠢ ᠪᠠᠲᠤᠯᠠᠵᠤ᠂ ᠥᠷᠭᠡᠨ ᠤᠯᠠᠨ ᠲᠦᠮᠡᠨ ᠤ | ᠬᠦᠷᠲᠡᠮᠵᠢ ᠶᠢᠨ ᠲᠦᠷᠦᠭᠳᠡᠯ ᠢ ᠨᠡᠩ ᠲᠡᠭᠦᠯᠳᠡᠷ ᠪᠣᠯᠭᠠᠬᠤ ᠬᠡᠷᠡᠭᠲᠡᠶ ᠭᠡᠵᠤ ᠴᠢᠬᠤᠯᠠᠴᠢᠯᠠᠵᠠᠢ᠃ |