ᠷᠠᠰᠢᠶᠠᠨ ᠬᠤᠲᠠ ᠶᠢᠨ ᠵᠠᠰᠠᠭ ᠤᠨ ᠣᠷᠳᠣᠨ ᠪᠣᠭᠤᠮᠲᠠ ᠶᠢᠨ ᠠᠵᠢᠯ ᠤᠨ ᠸᠢᠳᠢᠤ᠋ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/24
 ᠠᠶᠢᠮᠠᠭ ᠤᠨ ᠵᠠᠬᠢᠷᠭ᠎ᠠ ᠶᠢᠨ ᠬᠤᠯᠪᠣᠭᠳᠠᠯ ᠪᠥᠬᠦᠶ ᠠᠵᠢᠯ ᠤᠨ ᠪᠠᠶᠢᠷᠢᠯᠠᠭᠤᠯᠤᠯᠲᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠮᠠᠨ ᠤ ᠬᠤᠲᠠ ᠶᠢᠨ ᠪᠣᠭᠤᠮᠲᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ᠃ 9 ᠰᠠᠷ᠎ᠠ ᠶᠢᠨ 23 ᠤ ᠦᠳᠡ ᠶᠢᠨ ᠡᠮᠦᠨ᠎ᠡ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠸᠠᠩ ᠰᠢᠶᠤᠤ ᠬᠤᠸᠠᠨ ᠪᠦᠬᠦ ᠬᠤᠳᠠ ᠶᠢᠨ ᠪᠣᠭᠤᠮᠲᠠ ᠶᠢᠨ ᠠᠵᠢᠯ ᠤᠨ ᠸᠢᠳᠢᠣ᠋ ᠲᠤᠬᠢᠷᠠᠭᠤᠯᠤᠯᠳᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠠᠢ᠃  ᠬᠤᠳᠠ ᠶᠢᠨ ᠤᠳᠤᠷᠢᠳᠤᠯᠭ᠎ᠠ ᠶᠠᠩ ᠪᠦᠦ ᠲᠢᠶᠠᠨ ᠵᠢᠴᠢ ᠭᠠᠳᠠᠭᠠᠳᠤ ᠶᠠᠪᠤᠳᠠᠯ ᠤᠨ ᠠᠯᠪᠠᠨ ᠭᠡᠷ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠡᠷᠭᠡ  ᠪᠠᠶᠢᠭᠤᠯᠭ᠎ᠠ ᠨᠢᠭᠡᠴᠢ ᠶᠢᠨ ᠬᠠᠷᠢᠭᠤᠴᠠᠯᠭᠠᠲᠠᠳ ᠲᠤᠰ ᠬᠤᠷᠠᠯ ᠳᠤ ᠣᠷᠣᠯᠴᠠᠪᠠ᠃ ᠬᠤᠷᠠᠯ ᠠᠴᠠ᠂ ᠡᠯ᠎ᠡ ᠬᠤᠯᠪᠣᠭᠳᠠᠯ ᠪᠦᠬᠦᠢ ᠪᠠᠶᠢᠭᠤᠯᠭ᠎ᠠ ᠨᠢᠭᠡᠴᠢ ᠶᠢᠨ ᠬᠢᠨ ᠪᠦᠬᠦ ᠵᠢᠯ ᠤᠨ ᠡᠯ᠎ᠡ ᠵᠦᠢᠯ ᠤᠨ ᠭᠠᠳᠠᠭᠠᠳᠤ ᠨᠡᠭᠡᠭᠡᠯᠲᠡ ᠶᠢᠨ ᠭᠦᠢᠴᠡᠳᠬᠡᠯ ᠲᠤᠭ᠎ᠠ ᠶᠢᠨ ᠡᠭᠦᠷᠭᠡ ᠶᠢ ᠴᠢᠩᠭ᠎ᠠ ᠠᠩᠬᠠᠷᠴᠤ᠂ ᠪᠣᠭᠤᠮᠲᠠ ᠶᠢᠨ ᠪᠠᠶᠢᠩᠭᠤ ᠶᠢᠨ ᠨᠡᠭᠡᠭᠡᠯᠲᠡ ᠶᠢ ᠲᠦᠷᠭᠡᠳᠬᠡᠨ ᠠᠬᠢᠭᠤᠯᠵᠤ᠂ ᠪᠠᠶᠢᠴᠠᠭᠠᠯᠲᠠ ᠶᠢ ᠤᠭᠲᠤᠵᠤ ᠰᠢᠯᠭᠠᠨ ᠠᠪᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠭᠠᠷᠳᠠᠬᠤ ᠴᠡᠭ ᠢ ᠣᠨᠣᠪᠴᠢᠲᠠᠢ ᠣᠯᠵᠤ᠂ ᠠᠵᠢᠯ ᠤᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠠᠷᠭ᠎ᠠ ᠪᠦᠬᠦᠨ ᠢ ᠰᠦᠪᠡᠭᠴᠢᠯᠡᠨ ᠭᠠᠳᠠᠭᠠᠳᠤ ᠠᠴᠠ ᠣᠷᠣᠭᠤᠯᠬᠤ ᠬᠡᠪᠴᠢᠶ᠎ᠡ ᠪᠠ ᠲᠥᠷᠥᠯ ᠵᠦᠢᠯ ᠢ ᠥᠷᠭᠡᠳᠬᠡᠵᠦ᠂ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ᠂ ᠭᠠᠳᠠᠭᠠᠳᠤ ᠪᠡᠯᠡ ᠣᠷᠣᠭᠤᠯᠤᠯᠲᠠ ᠶᠢᠨ ᠲᠤᠭ᠎ᠠ᠂ ᠭᠠᠳᠠᠭᠠᠳᠤ ᠳᠤ ᠪᠡᠯᠡ ᠣᠷᠣᠭᠤᠯᠬᠤ ᠲᠤᠭ᠎ᠠ ᠬᠡᠮᠵᠢᠶ᠎ᠡ ᠵᠡᠷᠭᠡ ᠳᠤ ᠰᠢᠨ᠎ᠡ ᠰᠢᠪᠲᠤᠯᠤᠯᠲᠠ ᠲᠠᠢ ᠪᠣᠯᠭᠠᠬᠤ ᠪᠠᠷ ᠴᠢᠷᠮᠠᠶᠢᠬᠤ ᠬᠡᠷᠡᠭᠲᠡᠢ᠃ ᠪᠣᠭᠤᠮᠲᠠ ᠶᠢᠨ ᠬᠥᠭᠵᠢᠯᠲᠡ ᠶᠢᠨ ᠪᠣᠳᠠᠲᠠᠶ ᠲᠠᠢ ᠪᠠᠨ ᠤᠶᠠᠯᠳᠤᠭᠤᠯᠤᠨ᠂ 2025 ᠣᠨ ᠤ ᠪᠣᠭᠤᠮᠲᠠ ᠶᠢᠨ ᠭᠤᠤᠯᠳᠠᠯᠭ᠎ᠠ ᠲᠠᠢ ᠲᠥᠷᠥᠯ ᠵᠦᠢᠯ ᠢ ᠰᠠᠶᠢᠳᠤᠷ ᠲᠥᠯᠥᠪᠵᠢᠭᠦᠯᠵᠦ᠂ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠡᠮᠦᠨᠡᠬᠢ ᠬᠤᠭᠤᠴᠠᠭᠠᠨ ᠤ ᠠᠵᠢᠯ ᠢᠶᠠᠨ ᠲᠡᠭᠦᠯᠳᠡᠷᠵᠢᠭᠦᠯᠦᠨ᠂ ᠢᠳᠡᠪᠬᠢᠲᠡᠶ ᠪᠠᠷ ︽ᠣᠷᠣᠨ ᠪᠠ ᠠᠶᠢᠮᠠᠭ︾   ᠠᠴᠠ ᠳᠡᠮᠵᠢᠯᠭᠡ ᠤᠯᠬᠤ ᠬᠡᠷᠡᠭᠲᠡᠶ᠃ ᠪᠣᠭᠤᠮᠲᠠ ᠶᠢᠨ ᠪᠠᠶᠢᠭᠤᠯᠵᠤ ᠪᠠᠶᠢᠭ᠎ᠠ ᠲᠥᠷᠥᠯ ᠵᠦᠢᠯ ᠤᠨ ᠠᠬᠢᠴᠠ ᠶᠢ ᠲᠦᠷᠭᠡᠳᠬᠡᠵᠦ᠂ ᠨᠢᠭᠡᠨᠲᠡ ᠠᠵᠢᠯ ᠡᠬᠢᠯᠡᠭᠦᠯᠦᠭᠰᠡᠨ ᠲᠥᠷᠥᠯ ᠵᠦᠢᠯ ᠢ ᠵᠢᠯ ᠤᠨ ᠳᠣᠲᠣᠷ᠎ᠠ ᠳᠠᠭᠤᠰᠬᠠᠬᠤ ᠪᠠᠷ ᠴᠢᠷᠮᠠᠶᠢᠵᠤ᠂ ᠤᠨ ᠠᠯᠤᠰᠯᠠᠭᠰᠠᠨ ᠲᠥᠷᠥᠯ ᠵᠦᠢᠯ ᠤᠨ ᠣᠨ ᠤ ᠬᠠᠷᠠᠯᠲᠠ ᠪᠠᠨ ᠲᠦᠷᠭᠡᠳᠬᠡᠨ ᠪᠡᠶᠡᠯᠡᠭᠦᠯᠬᠦ ᠶᠢᠨ ᠬᠠᠮᠲᠤ ᠢᠨᠵᠧᠨᠧᠷᠢᠩ ᠶᠠᠰᠤ ᠴᠢᠨᠠᠷ ᠢ ᠦᠨᠡᠨ ᠬᠦ ᠪᠠᠲᠤᠯᠠᠬᠤ ᠬᠡᠷᠡᠭᠲᠡᠶ ᠭᠡᠵᠤ ᠴᠢᠩᠭᠠᠳᠬᠠᠵᠠᠢ᠃    ᠬᠤᠷᠠᠯ ᠳᠡᠭᠡᠷ᠎ᠡ ᠪᠠᠰᠠ ᠡᠯ᠎ᠡ ᠵᠦᠢᠯ ᠤᠨ ᠪᠣᠳᠠᠲᠠᠶ ᠠᠵᠢᠯ ᠳᠤ ᠴᠢᠭᠯᠡᠭᠦᠯᠦᠨ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠶ᠃
 
ᠢᠷᠡᠯᠲᠡ᠄ ᠷᠠᠰᠢᠶᠠᠨ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号