ᠮᠠᠨ ᠤ ᠤᠷᠤᠨ ᠨᠠᠰᠤᠵᠢᠯ ᠤᠨ ᠠᠰᠠᠷᠠᠮᠵᠢ ᠶᠢᠨ ᠠᠵᠢᠯ ᠦᠢᠯᠡᠰ ᠠᠵᠤ ᠦᠢᠯᠡᠰ ᠢ ᠵᠤᠬᠢᠴᠠᠭᠤᠯᠤᠨ ᠬᠦᠭᠵᠢᠬᠦᠯᠬᠦ ᠶᠢ ᠠᠬᠢᠭᠤᠯᠬᠤ ᠲᠤᠬᠠᠢ ︽ᠰᠠᠨᠠᠯ︾ ᠢ ᠨᠡᠶᠢᠳᠡᠯᠡᠵᠠᠢ
ᠨᠡᠶᠢᠲᠡᠯᠡᠭᠰᠡᠨ ᠴᠠᠭ᠄
2024/9/26
   ᠲᠦᠷᠦᠭᠦᠬᠡᠨ᠂ ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠢᠢᠨ ᠶᠡᠷᠦᠩᠬᠡᠶ ᠲᠣᠪᠴᠢᠶ᠎ᠠ ᠶᠢᠨ ᠥᠪᠥᠷ ᠮᠣᠩᠭᠤᠯ ᠤᠨ ᠬᠢᠨᠠᠯᠲᠠ ᠬᠠᠮᠢᠶᠠᠷᠤᠯᠲᠠ ᠢᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠦᠢᠯᠡᠰ ᠤᠨ ᠲᠦᠷᠭᠡᠨ ᠬᠥᠭᠵᠢᠯᠲᠡ ᠶᠢ ᠮᠥᠩᠭᠦᠨ ᠭᠦᠢᠯᠭᠡᠭᠡ ᠪᠠᠷ ᠳᠡᠮᠵᠢᠬᠦ ᠠᠵᠢᠯ ᠢ ᠰᠠᠶᠢᠲᠤᠷ ᠬᠢᠬᠦ ᠲᠤᠬᠠᠶ ᠵᠢᠯᠣᠭᠤᠳᠬᠤ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ ᠨᠡᠶᠢᠲᠡᠯᠡᠪᠡ᠃ ︽ᠰᠠᠨᠠᠯ︾ ᠨᠢ ᠥᠪᠥᠷ ᠮᠣᠩᠭᠤᠯ ᠤᠨ ᠨᠠᠰᠤᠵᠢᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠪᠦᠷᠢᠨᠰᠢᠬᠦᠯᠵᠦ᠂ ᠨᠠᠰᠤᠵᠢᠯ ᠤᠨ ᠠᠰᠠᠷᠠᠮᠵᠢ ᠶᠢᠨ ᠠᠵᠢᠯ ᠦᠢᠯᠡᠰ ᠠᠵᠤ ᠦᠢᠯᠡᠰ ᠤᠨ ᠬᠠᠮᠵᠢᠯᠴᠠᠨ ᠬᠥᠭᠵᠢᠬᠦ ᠶᠢ ᠠᠬᠢᠭᠤᠯᠤᠨ᠂ ᠨᠠᠰᠤᠲᠠᠶᠢᠴᠤᠳ ᠤᠨ ᠠᠵᠠ ᠵᠢᠷᠭᠠᠯ ᠢ ᠨᠡᠮᠡᠭᠳᠡᠭᠦᠯᠬᠦ ᠪᠠᠷ ᠵᠣᠷᠢᠯᠭ᠎ᠠ ᠪᠠᠨ ᠪᠣᠯᠭᠠᠪᠠ᠃︽ᠰᠠᠨᠠᠯ︾ ᠳᠤ᠂ ᠨᠠᠰᠤᠵᠢᠯ ᠤᠨ ᠠᠰᠠᠷᠠᠮᠵᠢ ᠶᠢᠨ ᠠᠵᠢᠯ ᠦᠢᠯᠡᠰ ᠠᠵᠤ ᠦᠢᠯᠡᠰ ᠤᠨ ᠵᠣᠬᠢᠴᠠᠩᠭᠤᠶ ᠬᠥᠭᠵᠢᠯᠲᠡ ᠶᠢ ᠠᠬᠢᠭᠤᠯᠬᠤ ᠪᠠᠷ ᠭᠠᠷᠤᠭ᠎ᠠ ᠪᠣᠯᠭᠠᠵᠤ᠂ ᠮᠥᠩᠭᠦᠨ ᠭᠦᠢᠯᠭᠡᠭᠡᠨ ᠤ ᠠᠵᠤ ᠠᠬᠤᠶ ᠶᠢᠨ ᠬᠡᠪᠴᠢᠶᠡᠵᠢᠭᠰᠡᠨ᠂ ᠪᠠᠷᠢᠮᠵᠢᠶᠠᠵᠢᠬᠰᠠᠨ᠂ ᠪᠦᠯᠦᠭᠯᠡᠯᠵᠢᠭᠰᠡᠨ᠂ ᠲᠥᠷᠥᠯ ᠲᠡᠮᠳᠡᠭᠴᠢᠯᠡᠭᠰᠡᠨ ᠬᠥᠭᠵᠢᠯᠲᠡ ᠶᠢ ᠲᠦᠷᠭᠡᠳᠭᠡᠬᠦ ᠪᠠᠷ ᠴᠢᠭᠯᠡᠯ ᠪᠣᠯᠭᠠᠵᠤ᠂ ᠵᠣᠬᠢᠶᠠᠨ ᠪᠠᠶᠢᠭᠤᠯᠤᠯᠲᠠ ᠶᠢᠨ ᠪᠦᠲᠦᠴᠡ᠂ ᠮᠥᠩᠭᠦᠨ ᠭᠦᠢᠯᠭᠡᠭᠡᠨ ᠤ ᠦᠢᠯᠡᠳᠬᠦᠨ᠂ ᠦᠢᠯᠡᠴᠢᠯᠡᠭᠡᠨ ᠤ ᠠᠷᠭ᠎ᠠ ᠮᠠᠶ᠋ᠢᠭ ᠪᠠ ᠲᠥᠷᠥ ᠶᠢᠨ ᠪᠣᠳᠣᠯᠭ᠎ᠠ ᠶᠢᠨ ᠰᠢᠰᠲ᠋ᠧᠮ ᠵᠡᠷᠭᠡ ᠣᠯᠠᠨ ᠲᠠᠯ᠎ᠠ ᠠᠴᠠ ᠨᠠᠰᠤᠵᠢᠯ ᠤᠨ ᠠᠰᠠᠷᠠᠮᠵᠢ ᠢᠢᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠵᠤ᠂ ᠨᠠᠰᠤᠵᠢᠯ ᠤᠨ ᠠᠰᠠᠷᠠᠮᠵᠢ ᠶᠢᠨ ᠬᠦᠷᠢᠶᠡᠨ ᠳᠠᠬᠢ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠦᠪᠰᠢᠨ ᠢ ᠦᠨᠡᠨ ᠬᠦ ᠰᠠᠶᠢᠵᠢᠷᠠᠭᠤᠯᠤᠨ ᠳᠡᠭᠡᠭᠰᠢᠯᠡᠭᠦᠯᠬᠦ ᠬᠡᠷᠡᠭᠲᠡᠶ ᠬᠡᠵᠤ ᠲᠤᠷᠠᠳᠤᠨ ᠭᠠᠷᠭᠠᠵᠠᠢ    ︽ᠰᠠᠨᠠᠯ︾ ᠳᠤ᠂ ᠲᠦᠷᠢᠮ ᠤᠨ ᠲᠥᠰᠦᠪᠯᠡᠯ ᠢ ᠴᠢᠩᠭᠠᠳᠬᠠᠵᠤ᠂ ᠡᠯ᠎ᠡ ᠵᠦᠢᠯ ᠤᠨ ᠨᠠᠰᠤᠵᠢᠯ ᠤᠨ ᠠᠰᠠᠷᠠᠮᠵᠢ ᠶᠢᠨ ᠮᠥᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠢᠵᠢ ᠪᠥᠷᠢᠳᠦᠭᠦᠯᠦᠨ ᠵᠣᠯᠭᠠᠭᠤᠯᠬᠤ ᠶᠢ ᠠᠬᠢᠭᠤᠯᠵᠤ᠂ ᠨᠠᠰᠤᠵᠢᠯ ᠤᠨ ᠠᠰᠠᠷᠠᠮᠵᠢ ᠶᠢᠨ ᠮᠥᠩᠭᠦᠨ ᠭᠦᠢᠯᠭᠡᠭᠡᠨ ᠤ ᠠᠵᠢᠯ ᠤᠨ ᠬᠥᠭᠵᠢᠯᠲᠡ ᠶᠢᠨ ᠨᠡᠶᠢᠯᠡᠯ ᠬᠦᠴᠦᠨ ᠢ ᠴᠢᠩᠭᠠᠳᠬᠠᠵᠤ᠂ ᠲᠦᠭᠡᠮᠡᠯ ᠬᠠᠷᠠᠭᠠᠯᠵᠠᠯᠲᠤ ᠨᠠᠰᠤᠵᠢᠯ ᠤᠨ ᠠᠰᠠᠷᠠᠮᠵᠢ ᠶᠢᠨ ᠲᠤᠰᠬᠠᠶ ᠵᠦᠢᠯ ᠤᠨ ᠳᠠᠬᠢᠨ ᠵᠢᠭᠡᠯᠡᠯᠭᠡ᠂ ᠬᠤᠳᠠᠯᠳᠤᠭᠠᠨ ᠤ ᠵᠢᠭᠡᠯᠡᠯᠭᠡ᠂ ᠳᠠᠭᠠᠳᠬᠠᠯ ᠤᠨ ᠪᠠᠯᠠ ᠮᠥᠩᠭᠦ ᠵᠡᠷᠭᠡ ᠶᠢ ᠶᠡᠷᠦᠩᠬᠡᠶᠢᠯᠡᠨ ᠬᠡᠷᠡᠭᠯᠡᠵᠦ᠂ ᠮᠥᠩᠭᠦᠨ ᠭᠦᠢᠯᠭᠡᠭᠡᠨ ᠤ ᠠᠵᠤ ᠠᠬᠤᠶ ᠶᠢᠨ ᠠᠵᠤ ᠦᠢᠯᠡᠰ ᠤᠨ ᠬᠡᠯᠬᠢᠶ᠎ᠡ ᠶᠢᠨ ᠳᠡᠭᠡᠳᠦ ᠳᠤᠤᠷᠠᠳᠤ ᠤᠷᠤᠰᠬᠠᠯ ᠤᠨ ᠠᠵᠤ ᠠᠬᠤᠶᠢᠯᠠᠯ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠪᠠᠯᠠ ᠳᠣᠭᠢᠷᠠᠭᠤᠯᠬᠤ ᠠᠷᠭ᠎ᠠ ᠵᠠᠮ ᠢ ᠨᠡᠪᠲᠡᠷᠡᠭᠦᠯᠵᠦ᠂ ᠪᠡᠯᠡ ᠳᠣᠭᠢᠷᠠᠭᠤᠯᠬᠤ ᠥᠪᠡᠷ ᠤᠨ ᠥᠷᠲᠡᠭ ᠢ ᠪᠠᠭᠤᠷᠠᠭᠤᠯᠵᠤ᠂ ᠨᠠᠰᠤᠵᠢᠯ ᠤᠨ ᠠᠰᠠᠷᠠᠮᠵᠢ ᠶᠢᠨ ᠮᠥᠩᠭᠦᠨ ᠭᠦᠢᠯᠭᠡᠭᠡᠨ ᠤ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ ᠭᠡᠵᠦ ᠱᠠᠭᠠᠷᠳᠠᠪᠠ᠃    ︽ᠰᠠᠨᠠᠯ︾ ᠳᠤ᠂ ᠨᠠᠰᠤᠵᠢᠯ ᠤᠨ ᠠᠰᠠᠷᠠᠮᠵᠢ ᠶᠢᠨ ᠠᠵᠤ ᠦᠢᠯᠡᠰ ᠲᠤ ᠦᠵᠡᠭᠦᠯᠬᠦ ᠮᠥᠩᠭᠦᠨ ᠭᠦᠢᠯᠭᠡᠭᠡᠨ ᠤ ᠳᠡᠮᠵᠢᠯᠭᠡ ᠶᠢᠨ ᠡᠷᠴᠢᠮ ᠢ ᠴᠢᠩᠭᠠᠷᠠᠭᠤᠯᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠦᠢᠯᠡᠰ ᠤᠨ ᠢᠲᠡᠭᠡᠮᠵᠢᠲᠦ ᠵᠢᠭᠡᠯᠡᠯᠭᠡ ᠶᠢᠨ ᠬᠠᠮᠢᠶᠠᠷᠤᠯᠲᠠ ᠶᠢᠨ ᠲᠣᠭᠲᠠᠴᠠ ᠶᠢ ᠰᠢᠯᠢᠳᠡᠭᠵᠢᠭᠦᠯᠦᠨ᠂ ᠪᠦᠲᠦᠴᠡ ᠶᠢᠨ ᠴᠢᠨᠠᠷᠲᠠᠶ ᠵᠣᠭᠤᠰᠣᠨ ᠤ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ ᠭᠦᠢᠴᠡᠳ ᠬᠡᠷᠡᠭᠯᠡᠨ᠂ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢᠨ ᠬᠢᠷᠢ ᠲᠦᠪᠰᠢᠨ ᠢ ᠵᠦᠶ ᠵᠣᠬᠢᠰᠲᠠᠶ ᠪᠠᠭᠤᠷᠠᠭᠤᠯᠵᠤ᠂ ᠨᠠᠰᠤᠵᠢᠯ ᠤᠨ ᠠᠰᠠᠷᠠᠮᠵᠢ ᠶᠢᠨ ᠠᠵᠤ ᠠᠬᠤᠶᠢᠯᠠᠯ ᠤᠨ ᠪᠡᠯᠠ ᠳᠣᠭᠢᠷᠠᠭᠤᠯᠬᠤ ᠠᠷᠭ᠎ᠠ ᠵᠠᠮ ᠢ ᠥᠷᠭᠡᠳᠭᠡᠬᠦ ᠬᠡᠷᠡᠭᠲᠡᠶ᠃ ᠤᠨᠴᠠᠯᠢᠬᠳᠤ ᠨᠠᠰᠤᠵᠢᠯ ᠤᠨ ᠠᠰᠠᠷᠠᠮᠵᠢ ᠶᠢᠨ ᠮᠥᠩᠭᠦᠨ ᠭᠦᠢᠯᠭᠡᠭᠡᠨ ᠤ ᠦᠢᠯᠡᠳᠬᠦᠨ ᠤ ᠦᠢᠯᠡᠴᠢᠯᠡᠭᠡ ᠶᠢᠨ ᠰᠢᠨ᠎ᠡ ᠶᠢ ᠡᠭᠦᠳᠴᠦ᠂ ᠮᠥᠩᠭᠦᠨ ᠭᠦᠢᠯᠭᠡᠭᠡᠨ ᠤ ᠦᠢᠯᠡᠳᠬᠦᠨ ᠤ ᠬᠠᠩᠭᠠᠯᠭ᠎ᠠ   ᠶᠢᠨ ᠲᠠᠯ᠎ᠠ ᠶᠢᠨ ᠥᠭᠡᠷᠡᠴᠢᠯᠡᠯᠲᠡ ᠶᠢ ᠠᠬᠢᠭᠤᠯᠵᠤ᠂ ᠤᠯᠠᠮᠵᠢᠯᠠᠯᠲᠤ ᠲᠣᠣᠷ ᠴᠡᠭ ᠤᠨ ᠨᠠᠰᠤᠲᠠᠶᠢᠴᠤᠳ ᠲᠤ ᠲᠤᠬᠢᠷᠠᠬᠤ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠰᠢᠯᠢᠳᠡᠭᠵᠢᠭᠦᠯᠵᠦ᠂ ᠨᠠᠰᠤᠲᠠᠶᠢᠴᠤᠳ ᠤᠨ ᠬᠡᠷᠡᠭᠯᠡᠭᠡᠨ ᠤ ᠡᠷᠬᠡ ᠠᠰᠢᠭ ᠢ ᠪᠠᠲᠤᠯᠠᠬᠤ ᠬᠡᠷᠡᠭᠲᠡᠢ᠃ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠢᠭᠡᠳ ᠢᠵᠢ ᠪᠦᠷᠢᠳᠦᠬᠦᠯᠦᠨ ᠪᠠᠳᠤᠯᠠᠬᠤ   ᠶᠢ ᠴᠢᠩᠭᠠᠳᠬᠠᠵᠤ᠂ ᠮᠥᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠬᠢᠭᠡᠳ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢᠨ ᠵᠣᠬᠢᠴᠠᠯᠳᠤᠨ ᠬᠠᠮᠵᠢᠯᠴᠠᠬᠤ ᠶᠢ ᠴᠢᠩᠭᠠᠳᠬᠠᠨ᠂ ᠨᠠᠰᠤᠵᠢᠯ ᠤᠨ ᠠᠰᠠᠷᠠᠮᠵᠢ ᠶᠢᠨ ᠮᠥᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠰᠠᠶᠢᠲᠤᠷ ᠬᠢᠬᠦ ᠬᠡᠷᠡᠭᠳᠠᠢ ᠬᠡᠵᠤ ᠲᠤᠳᠤᠷᠬᠠᠶᠢᠯᠠᠵᠠᠢ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号