| ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠤ | ᠴᠤᠭᠴᠠᠯᠠᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠵᠦ | ᠂ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠭᠦᠨ ᠵᠤᠵᠠᠭᠠᠨ ᠠᠭᠤᠷ ᠠᠮᠢᠰᠬᠤᠯ ᠢ ᠢᠳᠡᠪᠬᠢᠲᠡᠢ ᠪᠤᠢ | ᠪᠣᠯᠭᠠᠵᠤ᠂ ᠦᠨᠳᠦᠰᠦᠲᠡᠨ ᠨᠦᠭᠦᠳ ᠤᠨ ᠪᠦᠯᠬᠦᠮᠳᠡᠨ ᠬᠠᠪᠰᠤᠷᠤᠯᠴᠠᠬᠤ᠂ ᠬᠠᠮᠲᠤ ᠪᠠᠷ ᠬᠥᠭᠵᠢᠬᠦ ᠶᠢ ᠠᠬᠢᠭᠤᠯᠵᠤ᠂ | ᠦᠭᠡ ᠬᠡᠯᠡ ᠦᠰᠦᠭ ᠪᠢᠴᠢᠭ ᠢᠶᠠᠷ ᠠᠴᠢᠶᠠᠯᠠᠪᠤᠷᠢ ᠪᠣᠯᠭᠠᠭᠰᠠᠨ ᠳᠤᠮᠳᠠᠳᠤ ᠶᠢᠨ ᠰᠢᠯᠢᠳᠡᠭ ᠰᠣᠶᠣᠯ ᠢ ᠤᠯᠠᠮᠵᠢᠯᠠᠨ | ᠪᠠᠳᠠᠷᠠᠭᠤᠯᠬᠤ ᠶᠢᠨ ᠲᠥᠯᠥᠭᠡ᠂ 9 ᠰᠠᠷ᠎ᠠ ᠶᠢᠨ 26 ᠤ ᠡᠳᠦᠷ᠂ ᠸᠧᠨᠴᠢᠤᠸᠠᠨ ᠵᠡᠭᠡᠯᠢ ᠶᠢᠨ ᠾᠧ ᠪᠢᠨ ᠨᠡᠶᠢᠭᠡᠮ | ᠲᠣᠭᠤᠷᠢᠭ ︽ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠵᠦ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ︾ ᠭᠤᠣᠯ | ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ | ᠰᠠᠶᠢᠨ ᠲᠤᠷᠠᠴᠤᠤᠯ ᠲᠤᠬᠠᠶ ᠶᠢᠨ ᠲᠠᠯᠠᠪᠠᠶ ᠳᠤ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠨᠢᠭᠤᠷᠲᠠᠨ | ᠲᠠᠶᠢᠯᠪᠤᠷᠢᠯᠠᠬᠤ ᠪᠠᠷ ᠳᠠᠮᠵᠢᠭᠤᠯᠤᠨ᠂ ᠰᠠᠭᠤᠭᠠᠯᠢ ᠠᠷᠠᠳ ᠲᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠠᠤᠯᠢ︾᠂ ︽︿ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ | ᠬᠠᠤᠯᠢ﹀ ᠶᠢ ᠬᠡᠷᠡᠭᠵᠢᠭᠦᠯᠬᠦ ᠠᠷᠭ᠎ᠠ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠨᠠᠮ ᠤᠨ | ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠪᠠ ᠦᠨᠳᠦᠰᠦᠲᠡᠨ ᠤ | ᠦᠨᠳᠦᠰᠦᠨ ᠮᠡᠳᠡᠯᠭᠡ ᠶᠢ ᠤᠬᠠᠭᠤᠯᠤᠨ ᠲᠠᠶᠢᠯᠪᠤᠷᠢᠯᠠᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ | ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠴᠢᠬᠤᠯᠠ | ᠠᠴᠢ ᠬᠤᠯᠪᠣᠭᠳᠠᠯ ᠢ ᠴᠢᠬᠤᠯᠠᠴᠢᠯᠠᠪᠠ᠃ | |