ᠰᠦᠬᠡ ᠷᠠᠰᠢᠶᠠᠨ ᠬᠤᠲᠠ ᠪᠠᠷ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/9/27
     9 ᠰᠠᠷ᠎ᠠ ᠶᠢᠨ 25 ᠤ ᠡᠳᠦᠷ ᠠᠴᠠ 26 ᠤ ᠡᠳᠦᠷ ᠪᠣᠯᠲᠠᠯ᠎ᠠ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠰᠦᠬᠡ ᠷᠠᠰᠢᠶᠠᠨ ᠬᠤᠳᠠ ᠳᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠤᠢ ᠰᠢᠭᠤᠢ ᠶᠢᠨ ᠭᠠᠯ ᠰᠡᠷᠭᠡᠶᠢᠯᠡᠬᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ᠂ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠢ ᠪᠠᠶᠢᠴᠠᠭᠠᠨ ᠰᠤᠳᠤᠯᠪᠠ᠃  ᠰᠦᠬᠡ ᠢᠷᠪᠢᠰ ᠵᠡᠭᠡᠯᠢ ᠶᠢᠨ ᠨᠦᠮᠤᠷᠭᠡᠨ ᠨᠡᠶᠢᠭᠡᠮ ᠲᠣᠭᠤᠷᠢᠭ ᠤᠨ ᠨᠠᠮ ᠤᠯᠠᠨ ᠲᠦᠮᠡᠨ ᠤ ᠠᠵᠢᠯ ᠤᠨ ᠦᠢᠯᠡᠴᠢᠯᠡᠭᠡᠨ ᠤ ᠲᠥᠪ ᠢᠶᠠᠷ ᠬᠦᠷᠴᠦ᠂ ᠨᠡᠶᠢᠭᠡᠮ ᠲᠣᠭᠤᠷᠢᠭ ᠤᠨ ᠠᠵᠢᠯᠲᠠᠳ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠠᠷᠠᠳ ᠲᠦᠮᠡᠨ ᠳᠤ ᠦᠢᠯᠡᠴᠢᠯᠡᠬᠦ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠨᠡᠶᠢᠭᠡᠮ ᠲᠣᠭᠤᠷᠢᠭ ᠪᠣᠯ ᠣᠯᠠᠨ ᠲᠦᠮᠡᠨ ᠳᠤ  ᠤᠶᠢᠯᠡᠴᠢᠯᠡᠬᠦ ᠬᠠᠮᠤᠭ ᠤᠨ ᠡᠮᠦᠨ᠎ᠡ ᠹᠷᠣᠨᠲ ᠮᠥᠨ᠂ ᠨᠡᠶᠢᠭᠡᠮ ᠲᠣᠭᠤᠷᠢᠭ ᠤᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠵᠤ᠂ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠦᠨᠳᠦᠰᠦᠨ ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠲᠠᠰᠤᠷᠠᠯᠲᠠ ᠥᠬᠡᠶ ᠴᠢᠩᠭᠠᠳᠬᠠᠵᠤ᠂ ᠣᠯᠠᠨ ᠲᠦᠮᠡᠨ ᠤ ᠲᠤᠰᠬᠠᠭᠰᠠᠨ ᠪᠣᠳᠠᠲᠠᠶ ᠠᠰᠠᠭᠤᠳᠠᠯ ᠢ ᠰᠡᠳᠬᠢᠯ ᠳᠡᠯᠪᠢᠨ ᠬᠦᠴᠦ ᠣᠷᠣᠭᠤᠯᠤᠨ ᠰᠠᠶᠢᠲᠤᠷ ᠰᠢᠢᠳᠪᠤᠷᠢᠯᠡᠵᠤ᠂ ᠡᠷᠴᠢᠮᠵᠢᠭᠰᠡᠨ᠂ ᠣᠯᠠᠨ ᠡᠰᠢᠵᠢᠭᠰᠡᠨ᠂ ᠣᠨᠴᠠᠯᠢᠬᠵᠢᠭᠰᠠᠨ ᠨᠡᠶᠢᠭᠡᠮ ᠲᠣᠭᠤᠷᠢᠭ ᠤᠨ ᠣᠯᠠᠨ ᠨᠡᠶᠢᠲᠡ ᠶᠢᠨ ᠤᠶᠢᠯᠡᠴᠢᠯᠡᠭᠡᠨ ᠤ ᠰᠢᠰᠲ᠋ᠧᠮ ᠢ ᠰᠠᠶᠢᠳᠤᠷ ᠪᠠᠶᠢᠭᠤᠯᠬᠤ ᠬᠡᠷᠡᠭᠲᠡᠶ ᠭᠡᠵᠠᠢ᠃  ᠷᠠᠰᠢᠶᠠᠨ ᠤᠢ ᠰᠢᠭᠤᠢ ᠶᠢᠨ ᠠᠵᠤ ᠦᠢᠯᠡᠳᠪᠦᠷᠢ ᠶᠢᠨ ᠺᠣᠮᠫᠠᠨᠢ ᠶᠢᠨ ᠪᠠᠴᠢᠮ ᠪᠠᠶᠢᠳᠠᠯ ᠢ ᠠᠷᠭᠠᠴᠠᠭᠠᠬᠤ ᠲᠥᠪ ᠪᠣᠯᠤᠨ ᠪᠠᠢ ᠯᠠᠩ ᠤᠷᠬᠢᠯ ᠤᠨ ᠭᠠᠯ ᠢ ᠪᠠᠷᠠᠯᠠᠬᠤ ᠠᠰᠠᠷ ᠢᠶᠠᠷ ᠰᠦᠬᠡ ᠭᠠᠯ ᠤᠨ ᠡᠬᠢ ᠰᠤᠷᠪᠤᠯᠵᠢ ᠶᠢ ᠬᠠᠮᠢᠶᠠᠷᠤᠨ ᠡᠵᠡᠮᠳᠡᠬᠦ᠂ ᠵᠢᠵᠢᠭᠦᠷᠯᠡᠨ ᠰᠠᠬᠢᠬᠤ᠂ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠵᠡᠷᠭᠡ ᠠᠵᠢᠯ ᠤᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ᠂ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠰᠠᠨᠠᠭᠠᠰᠢᠷᠠᠨ ᠵᠣᠪᠠᠨᠢᠬᠤ ᠤᠬᠠᠮᠰᠠᠷ ᠢᠶᠠᠨ ᠴᠢᠩᠭᠠᠳᠬᠠᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤ ᠪᠤᠢ ᠪᠣᠯᠭᠠᠵᠤ᠂ ᠴᠢᠬᠤᠯᠠ ᠣᠷᠣᠨ ᠪᠦᠰᠡ᠂ ᠭᠤᠣᠯᠳᠠᠯᠭ᠎ᠠ ᠲᠠᠢ ᠴᠠᠭ ᠪᠣᠯᠤᠨ ᠪᠠᠭᠤᠷᠠᠢ ᠭᠤᠭᠴᠤᠭ᠎ᠠ ᠶᠢ ᠴᠢᠩᠭ᠎ᠠ ᠠᠩᠬᠠᠷᠴᠤ᠂ ᠭᠠᠯ ᠤᠨ ᠠᠶᠤᠯ ᠤᠨ ᠠᠮᠤᠷ ᠲᠦᠪᠰᠢᠨ ᠤ ᠭᠡᠮ ᠰᠣᠭᠤᠭ ᠢ ᠵᠢᠭᠰᠠᠭᠠᠨ ᠪᠠᠶᠢᠴᠠᠭᠠᠬᠤ ᠪᠠᠨ ᠴᠢᠩᠭᠠᠳᠬᠠᠵᠤ᠂ ᠭᠠᠯ ᠰᠡᠷᠭᠡᠶᠢᠯᠡᠵᠦ ᠤᠨᠲᠠᠷᠠᠭᠠᠬᠤ ᠪᠣᠳᠠᠲᠤ ᠪᠠᠶᠢᠯᠳᠤᠭᠠᠨ ᠤ ᠰᠣᠷᠢᠯᠲᠠ ᠶᠢ ᠪᠠᠶᠢᠩᠭᠤᠵᠢᠭᠤᠯᠤᠨ ᠥᠷᠨᠢᠭᠦᠯᠵᠦ᠂ ᠤᠢ ᠰᠢᠭᠤᠢ ᠶᠢᠨ ᠭᠠᠯ ᠰᠡᠷᠭᠡᠶᠢᠯᠡᠵᠤ ᠤᠨᠳᠠᠷᠠᠭᠠᠬᠤ ᠠᠵᠢᠯ ᠢ ᠴᠢᠩᠭ᠎ᠠ ᠪᠣᠳᠠᠲᠠᠢ ᠠᠳᠬᠤᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠪᠣᠯᠤᠨ ᠤᠢ ᠰᠢᠭᠤᠢ ᠶᠢᠨ ᠡᠬᠢ ᠪᠠᠶᠠᠯᠢᠭ ᠤᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠭᠡᠵᠦ ᠬᠡᠯᠡᠪᠡ᠃   ᠰᠦᠬᠡ ᠪᠠᠰᠠ ᠷᠠᠰᠢᠶᠠᠨ ᠤ ᠢᠯᠢ ᠪᠠᠶᠢᠭᠠᠯᠢ ᠶᠢᠨ ᠷᠠᠰᠢᠶᠠᠨ ᠤᠮᠳᠠᠭᠠᠨ ᠤ ᠪᠦᠷᠢᠨ ᠪᠤᠰᠤ ᠬᠠᠷᠢᠭᠤᠴᠠᠯᠭᠠᠲᠤ ᠺᠣᠮᠫᠠᠨᠢ ᠪᠣᠯᠤᠨ ᠬᠤᠸᠠ ᠷᠦᠨ ᠬᠦᠰᠡᠯᠡᠩᠳᠤ ᠪᠠᠭ᠎ᠠ ᠪᠠᠯᠭᠠᠰᠤ᠂ ᠬᠢᠩᠭᠠᠨ ᠱᠧᠩ ᠴᠢᠤᠸᠠᠨ ᠡᠷᠡᠭᠦᠯᠵᠢᠯ ᠤᠨ ᠲᠥᠪ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠪᠠᠷ ᠬᠦᠷᠴᠦ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠠᠶᠤᠯᠭᠦᠢ ᠦᠢᠯᠡᠳᠪᠦᠷᠢᠯᠡᠯ᠂ ᠰᠣᠶᠣᠯ  ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠵᠡᠷᠭᠡ ᠳᠤ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠡᠢ᠃ ᠲᠡᠷᠡ᠂ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ ᠂ ᠣᠳᠣᠬᠠᠨ ᠤ ᠪᠠᠷᠢᠯᠭ᠎ᠠ ᠶᠢᠨ ᠠᠵᠢᠯ ᠤᠨ ᠬᠦᠴᠦᠨ ᠲᠠᠢ ᠬᠤᠭᠤᠴᠠᠭ᠎ᠠ ᠶᠢ ᠠᠮᠵᠢᠨ᠂ ᠠᠮᠤᠷ ᠲᠦᠪᠰᠢᠨ᠂ ᠣᠷᠴᠢᠨ ᠲᠣᠭᠤᠷᠢᠨ ᠤ ᠬᠠᠮᠠᠭᠠᠯᠠᠯᠲᠠ ᠪᠣᠯᠤᠨ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠣᠷ᠎ᠠ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠡᠷᠲᠡ ᠪᠠᠶᠢᠭᠤᠯᠬᠤ᠂ ᠡᠷᠲᠡ ᠠᠰᠢᠭᠯᠠᠯᠲᠠ ᠳᠤ ᠣᠷᠣᠭᠤᠯᠬᠤ᠂ ᠡᠷᠲᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ ᠭᠡᠵᠠᠢ  ᠃
 
ᠢᠷᠡᠯᠲᠡ᠄ ᠷᠠᠰᠢᠶᠠᠨ ᠬᠤᠳᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号