︽ᠲᠤᠮᠳᠠᠳᠤ ᠶᠢᠨ ᠦᠨᠳᠤᠰᠤᠳᠡᠨ ᠨᠢᠭᠡ ᠭᠡᠷ ᠪᠦᠯᠢ ᠮᠡᠳᠤ ᠲᠤᠳᠤᠨᠤ︾  — ᠸᠧᠨᠴᠢᠤᠸᠠᠨ ᠵᠡᠭᠡᠯᠢ ᠶᠢᠨ ᠾᠧ ᠪᠢᠨ ᠨᠡᠶᠢᠭᠡᠮ ᠲᠣᠭᠤᠷᠢᠭ ︽ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠵᠦ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠶ᠎ᠠ︾ ᠭᠡᠬᠦ ᠭᠤᠣᠯ ᠰᠡᠳᠦᠪᠲᠦ ᠤᠬᠠᠭᠤᠯᠭ᠎ᠠ ᠬᠢᠵᠠᠢ
ᠨᠡᠶᠢᠲᠡᠯᠡᠭᠰᠡᠨ ᠴᠠᠭ᠄
2024/9/27
    ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠤ ᠴᠤᠭᠴᠠᠯᠠᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠵᠦ ᠂ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠭᠦᠨ ᠵᠤᠵᠠᠭᠠᠨ ᠠᠭᠤᠷ ᠠᠮᠢᠰᠬᠤᠯ ᠢ ᠢᠳᠡᠪᠬᠢᠲᠡᠢ ᠪᠤᠢ ᠪᠣᠯᠭᠠᠵᠤ᠂ ᠦᠨᠳᠦᠰᠦᠲᠡᠨ ᠨᠦᠭᠦᠳ ᠤᠨ ᠪᠦᠯᠬᠦᠮᠳᠡᠨ ᠬᠠᠪᠰᠤᠷᠤᠯᠴᠠᠬᠤ᠂ ᠬᠠᠮᠲᠤ ᠪᠠᠷ ᠬᠥᠭᠵᠢᠬᠦ ᠶᠢ ᠠᠬᠢᠭᠤᠯᠵᠤ᠂ ᠦᠭᠡ ᠬᠡᠯᠡ ᠦᠰᠦᠭ ᠪᠢᠴᠢᠭ ᠢᠶᠠᠷ ᠠᠴᠢᠶᠠᠯᠠᠪᠤᠷᠢ ᠪᠣᠯᠭᠠᠭᠰᠠᠨ ᠳᠤᠮᠳᠠᠳᠤ ᠶᠢᠨ ᠰᠢᠯᠢᠳᠡᠭ ᠰᠣᠶᠣᠯ ᠢ ᠤᠯᠠᠮᠵᠢᠯᠠᠨ ᠪᠠᠳᠠᠷᠠᠭᠤᠯᠬᠤ ᠶᠢᠨ ᠲᠥᠯᠥᠭᠡ᠂ 9 ᠰᠠᠷ᠎ᠠ ᠶᠢᠨ 26 ᠤ ᠡᠳᠦᠷ᠂ ᠸᠧᠨᠴᠢᠤᠸᠠᠨ ᠵᠡᠭᠡᠯᠢ ᠶᠢᠨ ᠾᠧ ᠪᠢᠨ ᠨᠡᠶᠢᠭᠡᠮ ᠲᠣᠭᠤᠷᠢᠭ ︽ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠵᠦ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ︾ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃     ᠰᠠᠶᠢᠨ ᠲᠤᠷᠠᠴᠤᠤᠯ ᠲᠤᠬᠠᠶ ᠶᠢᠨ ᠲᠠᠯᠠᠪᠠᠶ ᠳᠤ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠨᠢᠭᠤᠷᠲᠠᠨ ᠲᠠᠶᠢᠯᠪᠤᠷᠢᠯᠠᠬᠤ ᠪᠠᠷ ᠳᠠᠮᠵᠢᠭᠤᠯᠤᠨ᠂ ᠰᠠᠭᠤᠭᠠᠯᠢ ᠠᠷᠠᠳ ᠲᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠠᠤᠯᠢ︾᠂ ︽︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠠᠤᠯᠢ﹀ ᠶᠢ ᠬᠡᠷᠡᠭᠵᠢᠭᠦᠯᠬᠦ ᠠᠷᠭ᠎ᠠ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠪᠠ ᠦᠨᠳᠦᠰᠦᠲᠡᠨ ᠤ ᠦᠨᠳᠦᠰᠦᠨ ᠮᠡᠳᠡᠯᠭᠡ ᠶᠢ ᠤᠬᠠᠭᠤᠯᠤᠨ ᠲᠠᠶᠢᠯᠪᠤᠷᠢᠯᠠᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠴᠢᠬᠤᠯᠠ ᠠᠴᠢ ᠬᠤᠯᠪᠣᠭᠳᠠᠯ ᠢ ᠴᠢᠬᠤᠯᠠᠴᠢᠯᠠᠪᠠ᠃
 
ᠢᠷᠡᠯᠲᠡ᠄ ᠸᠧᠨᠴᠢᠤᠸᠠᠨ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号