ᠬᠢᠯᠢ ᠠᠯᠦᠰᠯᠠᠬᠰᠠᠨ ᠵᠢᠭᠤᠯᠴᠢᠯᠠᠯ ᠰᠢᠨ᠎ᠠ ᠰᠢᠪᠳᠦᠯᠦᠯᠳᠠ ᠲᠠᠢ ᠪᠤᠯᠪᠠ
ᠨᠡᠶᠢᠲᠡᠯᠡᠭᠰᠡᠨ ᠴᠠᠭ᠄
2024/9/27
   ᠡᠬᠡ ᠤᠯᠤᠰ ᠤᠨ ᠤᠮᠠᠷᠠᠳᠤ ᠬᠢᠯᠢ ᠳᠤ ᠪᠠᠶᠢᠷᠢᠯᠠᠵᠦ ᠪᠠᠶᠢᠭ᠎ᠠ ᠬᠢᠨᠭ᠍ᠭᠠᠨ ᠠᠶᠢᠮᠠᠭ ᠤᠨ ᠷᠠᠰᠢᠶᠠᠨ ᠬᠤᠳᠠ ᠨᠢ ᠤᠯᠤᠰ ᠤᠨ ᠲᠡᠰ ᠤᠨ ᠵᠢᠭᠤᠯᠴᠢᠯᠠᠯ ᠤᠨ ᠰᠡᠯᠡᠬᠦᠴᠡᠯ ᠤᠨ ᠤᠷᠤᠨ ᠪᠤᠯᠬᠤ ᠪᠦᠭᠡᠳ ᠬᠢᠯᠢ ᠠᠯᠦᠰᠯᠠᠬᠰᠠᠨ ᠵᠢᠭᠤᠯᠴᠢᠯᠠᠯ ᠤᠨ ᠬᠠᠷᠠᠯᠳᠠᠳᠤ ᠤᠷᠤᠨ ᠪᠤᠯᠬᠤ ᠶᠤᠮ᠃ ᠶᠢᠰᠤᠳᠤᠭᠡᠷ ᠰᠠᠷ᠎ᠠ ᠳᠤ᠂ ᠷᠠᠰᠢᠶᠠᠨ ᠪᠤᠭᠤᠮᠳᠠ ᠶᠢᠨ ᠬᠢᠯᠢ ᠠᠯᠦᠰᠯᠠᠬᠰᠠᠨ ᠵᠢᠭᠤᠯᠴᠢᠯᠠᠯ ᠬᠦᠭᠵᠢᠶᠡᠨ ᠲᠠᠢ ᠪᠤᠯᠵᠦ᠂ ᠡᠳᠦᠷ ᠲᠤ 1250 ᠵᠢᠭᠤᠯᠴᠢᠯᠠᠬᠴᠢ ᠶᠢ ᠤᠬᠳᠤᠵᠤ᠂ ᠡᠬᠦᠨ ᠳᠤ ᠮᠤᠩᠭᠤᠯ ᠤᠯᠤᠰ ᠤᠨ ᠵᠢᠭᠤᠯᠴᠢᠯᠠᠬᠴᠢ 940 ᠬᠦᠮᠦᠨ᠂ ᠲᠤᠮᠳᠠᠳᠤ ᠤᠯᠤᠰ ᠤᠨ ᠵᠢᠭᠤᠯᠴᠢᠯᠠᠬᠴᠢ 310 ᠬᠦᠮᠦᠨ ᠲᠤᠯᠵᠠᠢ᠃    ᠡᠨᠡ ᠵᠢᠯ ᠤᠨ 4 ᠰᠠᠷ᠎ᠠ ᠳᠤ᠂ ᠷᠠᠰᠢᠶᠠᠨ ᠪᠤᠭᠤᠮᠳᠠ ᠪᠤᠭᠤᠮᠳᠠ ᠪᠠᠨ ᠰᠡᠷᠬᠦᠭᠡᠡ ᠨᠡᠭᠡᠭᠡᠭᠰᠡᠨ ᠠᠴᠠ ᠨᠠᠭᠠᠰᠢ᠂ ᠪᠤᠭᠤᠮᠳᠠ ᠪᠠᠷ ᠤᠷᠤᠵᠦ ᠭᠠᠷᠤᠬᠰᠠᠨ ᠬᠦᠮᠦᠨ ᠤ ᠲᠤᠭ᠎ᠠ 5500 ᠬᠦᠮᠦᠨ ︵ᠤᠳᠠᠭ᠎ᠠ︶ ᠳᠤ ᠲᠤᠯᠵᠦ᠂ ᠡᠬᠦᠨ ᠳᠤ ᠬᠢᠯᠢ ᠠᠯᠦᠰᠯᠠᠬᠰᠠᠨ ᠵᠢᠭᠤᠯᠴᠢᠯᠠᠬᠴᠢ ᠶᠢᠨ ᠲᠤᠭ᠎ᠠ 5000 ᠬᠦᠮᠦᠨ ︵ᠤᠳᠠᠭ᠎ᠠ︶ ᠳᠤ ᠳᠤᠯᠵᠤ᠂ ᠠᠳᠠᠯᠢ ᠬᠤᠭᠤᠴᠠᠭ᠎ᠠ ᠲᠠᠢ ᠠᠳᠠᠯᠢᠳᠬᠠᠪᠠᠯ 600% ᠨᠡᠮᠡᠭᠳᠡᠵᠦ᠂ 2014 ᠤᠨ ᠳᠤ ᠪᠤᠭᠤᠮᠳᠠ ᠪᠠᠨ ᠴᠢᠯᠦᠬᠡᠳᠡᠢ ᠨᠡᠬᠡᠬᠡᠭᠰᠡᠨ ᠠᠴᠠ ᠨᠠᠭᠠᠰᠢᠬᠢ ᠲᠡᠤᠬᠡ ᠶᠢᠨ ᠰᠢᠨ᠎ᠠ ᠲᠡᠮᠳᠡᠭᠯᠡᠯ ᠢ ᠡᠬᠦᠳᠴᠦ᠂ ᠷᠠᠰᠢᠶᠠᠨ ᠪᠤᠭᠤᠮᠳᠠ ᠶᠢ ᠵᠢᠯ ᠲᠤᠷᠰᠢ ᠴᠢᠯᠦᠬᠡᠳᠡᠢ ᠨᠡᠬᠡᠬᠡᠬᠦ ᠳᠤ ᠪᠠᠳᠦ ᠰᠠᠭᠤᠷᠢ ᠶᠢ ᠲᠠᠯᠪᠢᠵᠠᠢ᠃    ᠡᠨᠡ ᠵᠢᠯ᠂ ᠬᠢᠨᠭ᠍ᠭᠠᠨ ᠠᠶᠢᠮᠠᠭ ᠮᠤᠩᠭᠤᠯ ᠤᠯᠤᠰ ᠤᠨ ᠲᠤᠷᠤᠨᠠᠳᠤ ᠠᠶᠢᠮᠠᠭ ᠲᠠᠢ ᠬᠢᠯᠢ ᠠᠯᠦᠰᠯᠠᠬᠰᠠᠨ ᠵᠢᠭᠤᠯᠴᠢᠯᠠᠯ ᠤᠨ ᠬᠠᠮᠵᠢᠯᠴᠠᠭ᠎ᠠ ᠪᠠᠨ ᠪᠦᠬᠦ ᠲᠠᠯ᠎ᠠ ᠪᠠᠷ ᠴᠢᠩᠭᠠᠳᠬᠠᠵᠦ᠂ ︽︿ᠲᠤᠯᠤᠭᠠᠨ ᠨᠢᠬᠡ ᠪᠦᠯᠦᠭ﹀ ᠢᠶᠠᠷ ᠬᠢᠯᠢ ᠠᠯᠦᠰᠯᠠᠬᠰᠠᠨ ᠵᠢᠭᠤᠯᠴᠢᠯᠠᠯ ᠢ ᠬᠦᠨᠵᠡᠬᠡᠢ ᠠᠬᠢᠭᠤᠯᠬᠤ ᠲᠦᠰᠦᠪ︾ ᠢ ᠲᠤᠬᠳᠠᠭᠠᠨ ᠬᠡᠷᠡᠭᠵᠢᠬᠦᠯᠵᠦ᠂ ᠮᠤᠩᠭᠤᠯ ᠤᠯᠤᠰ ᠤᠨ ᠲᠤᠷᠤᠨᠠᠳᠤ ᠠᠶᠢᠮᠠᠭ ᠤᠨ ᠵᠢᠭᠤᠯᠴᠢᠯᠠᠯ ᠤᠨ ᠲᠤᠪᠴᠢᠶ᠎ᠠ ᠲᠠᠢ ︽ᠬᠢᠯᠢ ᠠᠯᠤᠰᠯᠠᠬᠰᠠᠨ ᠵᠢᠭᠤᠯᠴᠢᠯᠠᠯ ᠤᠨ ᠬᠠᠮᠵᠢᠯᠴᠠᠭ᠎ᠠ ᠶᠢᠨ ᠰᠠᠨᠠᠮᠵᠢ ᠶᠢᠨ ᠪᠢᠴᠢᠭ︾ ᠲᠤᠬᠳᠠᠵᠦ᠂ ᠮᠤᠩᠭᠤᠯ ᠤᠯᠤᠰ ᠪᠤᠯᠤᠨ ᠬᠢᠨᠭ᠍ᠭᠠᠨ ᠠᠶᠢᠮᠠᠭ ᠬᠠᠮᠳᠤᠪᠡᠷ ᠵᠢᠭᠤᠯᠴᠢᠯᠠᠯ ᠤᠨ ᠲᠠᠨᠢᠯᠴᠠᠭᠤᠯᠭ᠎ᠠ ᠶᠢᠨ ᠬᠤᠷᠠᠯ ᠡᠷᠬᠢᠯᠡᠵᠦ᠂ ︽ᠰᠦᠯᠵᠢᠶ᠎ᠡ᠂ ᠲᠡᠯᠬᠡᠴᠡ᠂ ᠸᠢᠴᠠᠲ︾ ᠵᠡᠷᠭᠡ ᠬᠡᠯᠪᠡᠷᠢ ᠪᠠᠷ ᠪᠦᠬᠦ ᠲᠠᠯ᠎ᠠ ᠶᠢᠨ ᠤᠬᠠᠭᠤᠯᠭ᠎ᠠ ᠬᠢᠵᠦ᠂ ᠸᠢᠰᠠ ᠲᠠᠷᠬᠠᠭᠠᠬᠤ᠂ ᠪᠤᠭᠤᠮᠳᠠ ᠪᠠᠷ ᠨᠡᠪᠳᠡᠷᠡᠬᠦ ᠶᠠᠪᠤᠴᠠ ᠵᠢᠴᠢ ᠶᠠᠪᠤᠳᠠᠯ ᠰᠶᠢᠳᠪᠦᠷᠢᠯᠡᠬᠦ ᠬᠦᠳᠦᠯᠪᠦᠷᠢ ᠲᠠᠷᠬᠠᠭᠠᠵᠦ᠂ ᠪᠤᠭᠤᠮᠳᠠ ᠶᠢᠨ ᠰᠤᠷᠠᠭ ᠵᠠᠩᠬᠢ ᠶᠢ ᠤᠷᠢᠳᠴᠢᠯᠠᠨ ᠲᠠᠬᠯᠠᠨ ᠪᠤᠭᠤᠮᠳᠠ ᠪᠠᠷ ᠨᠡᠪᠳᠡᠷᠡᠬᠦᠯᠬᠦ ᠦᠷ᠎ᠡ ᠪᠦᠳᠦᠮᠵᠢ ᠶᠢ ᠲᠡᠭᠡᠭᠰᠢᠯᠡᠬᠦᠯᠵᠦ᠂ ᠠᠵᠦ ᠠᠬᠤᠶᠢᠯᠠᠯ ᠢ ᠵᠤᠬᠢᠴᠠᠭᠤᠯᠤᠨ ᠮᠤᠩᠭᠤᠯ ᠤᠯᠤᠰ ᠤᠨ ᠲᠠᠯ᠎ᠠ ᠳᠤ ᠢᠳᠡᠭᠡᠨ ᠤᠮᠳᠠᠭᠠᠨ ᠤ ᠭᠠᠵᠠᠷ ᠪᠠᠶᠢᠭᠤᠯᠵᠦ᠂ ᠬᠤᠶᠠᠷ ᠭᠠᠵᠠᠷ ᠤᠨ ᠵᠢᠭᠤᠯᠴᠢᠯᠠᠬᠰᠠᠳ ᠤᠨ ᠬᠢᠯᠢ ᠠᠯᠦᠰᠯᠠᠨ ᠵᠢᠭᠤᠯᠴᠢᠯᠠᠬᠤ ᠶᠢ ᠬᠦᠳᠦᠯᠦᠨ ᠵᠢᠯᠤᠭᠤᠳᠴᠠᠢ᠃    ᠤᠳᠤ᠂ ᠷᠠᠰᠢᠶᠠᠨ ᠬᠤᠳᠠ ᠶᠢᠨ ᠵᠡᠬᠡᠯᠢ ᠭᠤᠳᠤᠮᠵᠢ ᠪᠠᠷ ᠮᠤᠩᠭᠤᠯ ᠤᠯᠤᠰ ᠤᠨ ᠲᠡᠷᠬᠡ ᠤᠨᠤᠭ᠎ᠠ ᠤᠯᠠᠰᠢᠷᠠᠵᠦ᠂ ᠮᠤᠩᠭᠤᠯ ᠤᠯᠤᠰ ᠤᠨ ᠵᠢᠭᠤᠯᠴᠢᠯᠠᠬᠰᠠᠳ ᠬᠠᠯᠠᠭᠤᠨ ᠷᠠᠰᠢᠶᠠᠨ ᠳᠤ ᠪᠡᠶ᠎ᠡ ᠰᠤᠪᠢᠯᠠᠵᠤ᠂ ᠤᠨᠴᠠᠯᠢᠬᠳᠤ ᠢᠳᠡᠬᠡᠨ ᠵᠤᠭᠤᠬᠯᠠᠡ᠂ ᠰᠡᠯᠡᠬᠦᠴᠡᠨ ᠵᠢᠭᠤᠯᠴᠢᠯᠠᠬᠤ ᠳᠠᠭᠠᠨ ᠷᠠᠰᠢᠶᠠᠨ ᠬᠤᠳᠠ ᠶᠢᠨ ᠵᠢᠭᠤᠯᠴᠢᠯᠠᠯ ᠤᠨ ᠡᠬᠢ ᠪᠠᠶᠠᠯᠢᠭ ᠢ ᠱᠠᠬᠰᠢᠨ ᠮᠠᠬᠳᠠᠵᠦ ᠪᠠᠶᠢᠯ᠎ᠠ᠃ ᠷᠠᠰᠢᠶᠠᠨ ᠪᠤᠭᠤᠮᠳᠠ ︽ᠭᠤᠷᠪᠠ ᠶᠢ ᠨᠢᠬᠡ ᠴᠤᠬᠴᠠᠵᠢᠭᠤᠯᠤᠬᠰᠠᠨ︾ ᠬᠦᠭᠵᠢᠯᠳᠡ ᠶᠢᠨ ᠵᠠᠬᠪᠦᠷ ᠢᠶᠠᠷ ᠬᠢᠯᠢ ᠠᠯᠦᠰᠯᠠᠬᠰᠠᠨ ᠵᠢᠭᠤᠯᠴᠢᠯᠠᠯ᠂ ᠰᠤᠯᠢᠯᠴᠠᠭ᠎ᠠ᠂ ᠬᠢᠯᠢ ᠠᠯᠦᠰᠯᠠᠬᠰᠠᠨ ᠠᠷᠠᠯᠵᠢᠶ᠎ᠠ ᠶᠢᠨ ᠲᠤᠭᠤᠷᠢᠨ ᠳᠤ ᠨᠡᠩ ᠦᠨᠳᠦᠷ ᠪᠠᠷᠢᠮᠵᠢᠶ᠎ᠠ ᠪᠠᠷ ᠮᠤᠩᠭᠤᠯ ᠤᠯᠤᠰ ᠲᠠᠢ ᠬᠠᠮᠵᠢᠯᠴᠠᠭ᠎ᠠ ᠪᠠᠨ ᠬᠦᠨᠵᠡᠬᠡᠶᠢᠷᠡᠬᠦᠯᠵᠦ᠂ ᠷᠠᠰᠢᠶᠠᠨ ᠬᠤᠳᠠ ᠶᠢ ᠦᠪᠡᠷᠮᠢᠴᠡ ᠤᠨᠴᠠᠯᠢᠭ ᠲᠠᠢ ᠬᠢᠯᠢ ᠠᠯᠦᠰᠯᠠᠬᠰᠠᠨ ᠵᠢᠭᠤᠯᠴᠢᠯᠠᠯ ᠤᠨ ᠪᠤᠭᠤᠮᠳᠠ ᠪᠤᠯᠭᠠᠬᠤ ᠪᠠᠷ ᠴᠢᠷᠮᠠᠶᠢᠵᠦ ᠪᠤᠢ᠃    ︵ᠪᠤᠤ ᠶᠦᠨ ᠹᠧᠩ  ᠳᠤᠬᠳᠠᠬᠤ︶
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号