| ᠥᠲᠡᠯᠦᠭᠡ ᠨᠠᠰᠤ ᠪᠠᠨ ᠠᠮᠤᠷ ᠰᠠᠶᠢᠬᠠᠨ ᠵᠣᠯ ᠵᠢᠷᠭᠠᠯ ᠲᠠᠢ ᠥᠩᠭᠡᠷᠡᠭᠦᠯᠬᠦ ᠪᠣᠯ ᠨᠠᠰᠤᠲᠠᠶᠢᠴᠤᠳ ᠤᠨ ᠬᠦᠰᠡᠯ | ᠡᠷᠡᠮᠡᠯᠵᠡᠯ ᠪᠣᠯᠬᠤ ᠶᠤᠮ᠃ ᠳᠡᠷᠡ ᠨᠢ ᠲᠦᠭ ᠲᠦᠮᠡᠨ ᠠᠶᠢᠯ ᠡᠷᠦᠬᠡ ᠶᠢᠨ ᠵᠣᠯ ᠵᠢᠷᠭᠠᠯ ᠲᠠᠢ ᠬᠤᠯᠪᠣᠭᠳᠠᠬᠤ ︽ᠬᠡᠷ | ᠪᠦ᠋ᠯᠢ ᠶᠢᠨ ᠶᠠᠪᠤᠳᠠᠯ︾ ᠪᠣᠯᠬᠤ ᠮᠦᠷᠳᠡᠭᠡᠨ ᠨᠠᠩ ᠴᠤ ᠨᠡᠶᠢᠭᠡᠮ ᠨᠡᠶᠢᠳᠡ ᠶᠢᠨ ᠡᠶ᠎ᠡ ᠵᠣᠬᠢᠴᠠᠯ ᠳᠤ ᠬᠤᠯᠪᠣᠭᠳᠠᠬᠤ ︽ | ᠤᠯᠤᠰ ᠤᠨ ᠶᠠᠪᠤᠳᠠᠯ︾ ᠪᠣᠯᠬᠤ ᠶᠤᠮ᠃ | 2024 ᠣᠨ ᠳᠤ᠂ ᠬᠢᠩᠭᠠᠨ ᠠᠶᠢᠮᠠᠭ ︽ᠠᠰᠠᠷᠠᠨ ᠲᠡᠵᠢᠭᠡᠬᠦ ᠬᠠᠮᠲᠤ ᠶᠢᠨ ᠴᠣᠭᠴᠠ︾ ᠶᠢᠨ ᠬᠠᠷᠢᠯᠴᠠᠨ | ᠬᠠᠪᠰᠤᠷᠤᠯᠴᠠᠬᠤ ᠠᠵᠢᠯᠯᠠᠭ᠎ᠠ᠂ ᠨᠠᠰᠤᠲᠠᠶᠢᠴᠤᠳ ᠲᠤ ᠦᠢᠯᠡᠴᠢᠯᠡᠬᠦ 96111 ᠬᠠᠯᠠᠮᠰᠢᠯ ᠤᠲᠠᠰᠤᠨ ᠤ ᠠᠵᠢᠯᠯᠠᠭ᠎ᠠ | ᠵᠡᠷᠭᠡ ᠶᠢ ᠥᠷᠨᠢᠭᠦᠯᠬᠦ ᠪᠠᠷ ᠳᠠᠮᠵᠢᠨ᠂ ᠨᠠᠰᠤᠵᠢᠯ ᠤᠨ ᠠᠰᠠᠷᠠᠮᠵᠢ ᠶᠢᠨ ᠠᠰᠠᠭᠤᠳᠠᠯ ᠳᠤ ᠨᠠᠩ ᠣᠯᠠᠨ ᠠᠷᠭ᠎ᠠ | ᠪᠤᠳᠤᠯᠭ᠎ᠠ ᠬᠠᠩᠭᠠᠨ᠂ ᠪᠦᠬᠦ ᠠᠶᠢᠮᠠᠭ ᠤᠨ ᠨᠠᠰᠤᠲᠠᠶᠢᠴᠤᠳ ᠤᠨ ᠥᠲᠡᠯᠦᠭᠡ ᠨᠠᠰᠤᠨ ᠤ ᠠᠮᠢᠳᠤᠷᠠᠯ ᠢ ᠨᠠᠩ | ᠪᠠᠲᠤᠯᠠᠭ᠎ᠠ ᠲᠠᠢ᠂ ᠨᠠᠩ ᠴᠢᠨᠠᠷ ᠴᠢᠨᠰᠠᠭ᠎ᠠ ᠲᠠᠢ ᠪᠣᠯᠭᠠᠬᠰᠠᠨ ᠪᠠᠶᠢᠨ᠎ᠠ᠃ | ᠨᠠᠰᠤᠳᠠᠶᠢᠴᠤᠳ ᠲᠤ ᠬᠤᠭᠤᠯᠠ ᠤᠮᠳᠠᠭᠠᠨ ᠤ ᠦᠢᠯᠡᠴᠢᠯᠡᠭᠡ ᠬᠠᠨᠭ᠍ᠭᠠᠪᠡ | ᠦᠳᠡ ᠶᠢᠨ ᠡᠮᠦᠨᠡᠬᠢ 10 ᠴᠠᠭ ᠬᠠᠭᠠᠰ ᠲᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ | ᠨᠠᠮ ᠤᠨ ᠭᠡᠰᠢᠬᠦᠨ ᠣᠯᠠᠨ ᠲᠦᠮᠡᠨ ᠳᠤ ᠦᠢᠯᠡᠴᠢᠯᠡᠬᠦ ᠲᠥᠪ ᠤᠨ ᠬᠤᠷᠴᠢᠨ ᠨᠡᠶᠢᠭᠡᠮ ᠲᠣᠭᠤᠷᠢᠭ ᠤᠨ ᠵᠣᠯ | ᠵᠢᠷᠭᠠᠯᠲᠤ ᠬᠤᠭᠤᠯᠠᠨ ᠬᠡᠷ ᠲᠤ ᠳᠤᠭᠤᠭᠠᠴᠢ ᠨᠠᠷ ᠶᠠᠭᠠᠷᠠᠯᠲᠠᠶ ᠠᠵᠢᠯᠯᠠᠵᠤ᠂ ᠠᠮᠳᠠᠳᠦ ᠨᠤᠭᠤᠭ᠎ᠠ ᠵᠠᠭᠤᠰᠢ ᠪᠠᠨ | ᠵᠠᠯᠭᠠᠭᠠᠪᠡᠷ ᠰᠢᠷᠡᠭᠡᠨ ᠳᠤ ᠭᠠᠷᠭᠠᠪᠠ᠃ ︽ᠪᠢᠳᠡ ᠡᠳᠦᠷ ᠪᠦᠷᠢ 20 ᠵᠦᠢᠯ ᠤᠨ ᠨᠣᠭᠤᠭ᠎ᠠ ᠪᠠᠯᠠᠳᠬᠡᠵᠥ᠂ ᠬᠦᠮᠦᠨ | ᠪᠦᠷᠢ ᠠᠴᠠ 15 ᠲᠦᠬᠦᠷᠢᠭ ᠬᠤᠷᠢᠶᠠᠵᠦ ᠪᠤᠢ᠃ ᠡᠬᠦᠨ ᠳᠤ 60 ᠨᠠᠰᠤᠨ ᠠᠴᠠ 89 ᠨᠠᠰᠤᠨ ᠤ ᠬᠤᠭᠤᠷᠤᠠᠳᠤᠬᠢ | ᠨᠠᠰᠤᠳᠡᠨ ᠢ ᠲᠤᠤᠷ᠎ᠠ ᠥᠨ᠎ᠠ ᠪᠠᠷ ᠢᠳᠡᠭᠦᠯᠵᠥ᠂ 90 ᠨᠠᠰᠤᠨ ᠠᠴᠠ ᠳᠡᠭᠡᠭᠰᠢᠬᠢ ᠨᠠᠰᠤᠲᠠᠨ ᠳᠤ ᠨᠢᠭᠡ ᠴᠠᠭ ᠤᠨ | ᠬᠤᠭᠤᠯᠠ ᠶᠢ ᠰᠦᠢᠳᠭᠡᠯ ᠬᠤᠷᠢᠶᠠᠬᠤ ᠦᠭᠡᠶ ᠪᠠᠷ ᠢᠳᠡᠬᠦᠯᠵᠦ ᠪᠤᠢ︾ ᠭᠡᠵᠦ ᠬᠤᠷᠴᠢᠨ ᠨᠡᠶᠢᠭᠡᠮ ᠲᠣᠭᠤᠷᠢᠭ ᠤᠨ | ᠵᠣᠯ ᠵᠢᠷᠭᠠᠯᠲᠤ ᠬᠤᠭᠤᠯᠠᠨ ᠬᠡᠷ ᠤᠨ ᠬᠠᠷᠢᠭᠤᠴᠠᠯᠭᠠᠲᠠᠨ ᠳ᠋ᠦᠩ ᠸᠧᠶ ᠳ᠋ᠠᠨ ᠵᠤᠯ ᠵᠢᠷᠭᠠᠯᠳᠦ ᠬᠤᠭᠤᠯᠠᠨ | ᠭᠡᠷ ᠤᠨ ᠢᠶᠠᠨ ᠡᠵᠡᠩᠨᠡᠯᠳᠠ ᠶᠢᠨ ᠪᠠᠶᠢᠳᠡᠯ ᠢᠶᠠᠨ ᠲᠠᠨᠢᠯᠴᠠᠭᠤᠯᠤᠯ᠎ᠠ᠃ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠨ᠎ᠡ ᠵᠠᠭᠪᠤᠷ ᠢ ᠰᠦᠪᠡᠭᠴᠢᠯᠡᠬᠦ ᠶᠢᠨ ᠲᠥᠯᠥᠭᠡ᠂ ᠬᠢᠩᠭᠠᠨ | ᠠᠶᠢᠮᠠᠭ ᠬᠤᠭᠤᠯᠠᠯᠠᠬᠤ ᠦᠢᠯᠡᠴᠢᠯᠡᠭᠡ ᠬᠠᠨᠭ᠍ᠭᠠᠬᠤ ︽ᠨᠢᠭᠡ ᠴᠣᠭᠴᠠᠲᠤ ᠮᠠᠰᠢᠨ︾ ᠤ ᠬᠡᠷᠡᠭᠯᠡᠯᠲᠡ ᠶᠢ ᠳᠡᠯᠭᠡᠷᠡᠭᠦᠯᠵᠦ᠂ | ︽ᠨᠢᠭᠡ ᠴᠣᠭᠴᠠᠲᠤ ᠮᠠᠰᠢᠨ︾ ᠳᠤ ᠬᠥᠮᠦᠨ ᠤ ᠵᠢᠰᠦ ᠴᠢᠷᠠᠶ ᠶᠢᠨ ᠮᠡᠳᠡᠭᠡ ᠵᠠᠩᠭᠢ ᠶᠢ ᠣᠷᠣᠭᠤᠯᠤᠨ᠂ ᠰᠢᠭᠤᠳ | ᠵᠢᠰᠦ ᠴᠢᠷᠠᠢ ᠪᠠᠨ ᠰᠢᠷᠪᠢᠨ ᠬᠤᠭᠤᠯᠠᠯᠠᠵᠦ ᠪᠤᠯᠬᠤ ᠶᠢ ᠪᠡᠶᠡᠯᠡᠬᠦᠯᠪᠡ᠃ ᠡᠭᠦᠨ ᠤ ᠬᠠᠮᠲᠤ᠂ ᠰᠦᠯᠵᠢᠶᠡᠨ ᠵᠢᠵᠢᠭ | ᠫᠷᠤᠭ᠍ᠷᠠᠮ ᠢᠶᠠᠷ ᠨᠠᠰᠤᠲᠠᠶᠢᠴᠤᠳ ᠤᠨ ᠭᠡᠷ ᠢᠶᠠᠷ ᠬᠤᠭᠤᠯᠠ ᠬᠦᠷᠭᠡᠬᠦ ᠶᠢ ᠪᠡᠶᠡᠯᠡᠭᠦᠯᠵᠦ᠂ ᠬᠠᠷᠠᠭᠠᠯᠵᠠᠯ ᠤᠨ | ᠦᠢᠯᠡᠴᠢᠯᠡᠭᠡ ᠶᠢ ᠠᠳᠠᠯᠢ ᠲᠡᠭᠰᠢ ᠪᠠᠷ ᠭᠥᠷᠳᠡᠭᠡᠵᠦ ᠪᠤᠢ᠃ ᠬᠢᠩᠭᠠᠨ ᠠᠶᠢᠮᠠᠭ ᠪᠠᠰᠠ ︽ᠪᠡᠶ᠎ᠡ ᠶᠢᠨ ᠭᠠᠷᠤᠯ ᠢᠶᠠᠨ | ᠳᠤᠳᠤᠷᠬᠠᠶᠢᠯᠠᠭᠤᠯᠤᠨ ᠬᠠᠷᠠᠭᠠᠯᠵᠠᠯ ᠭᠥᠷᠳᠡᠬᠦ︾ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠵᠢᠰᠦ ᠴᠢᠷᠠᠢ | ᠰᠢᠷᠪᠢᠬᠤ ᠲᠥᠬᠦᠭᠡᠷᠦᠮᠵᠢ ᠬᠡᠷᠡᠭᠯᠡᠬᠦ ᠳᠤᠷ᠎ᠠ ᠥᠬᠡᠶ ᠪᠤᠶᠤ ᠬᠡᠷᠡᠭᠯᠡᠵᠦ ᠴᠢᠳᠠᠬᠤ ᠥᠬᠡᠶ ᠨᠠᠰᠤᠲᠠᠶᠢᠴᠤᠳ ᠲᠤ | ᠴᠢᠭᠯᠡᠭᠦᠯᠦᠨ᠂ ᠪᠡᠶ᠎ᠡ ᠶᠢᠨ ᠦᠨᠡᠮᠯᠡᠯ ᠢᠶᠠᠨ ᠭᠠᠷᠭᠠᠨ ᠢᠯᠭᠠᠨ ᠳᠤᠳᠤᠯᠠᠬᠤ ᠲᠦᠬᠦᠮ ᠦᠢᠯᠡᠴᠢᠯᠡᠭᠡ ᠦᠵᠡᠬᠦᠯᠦᠭᠰᠡᠨ | ᠪᠠᠶᠢᠨ᠎ᠠ᠃ 2024 ᠣᠨ ᠠᠴᠠ ᠨᠠᠭᠠᠰᠢ᠂ ᠪᠥᠬᠦ ᠠᠶᠢᠮᠠᠭ ᠤᠨ ᠨᠠᠰᠤᠲᠠᠶᠢᠴᠤᠳ ᠤᠨ ᠬᠤᠭᠤᠯᠠ ᠤᠮᠳᠠᠭᠠᠨ ᠤ | ᠲᠠᠯᠠᠪᠤᠷ ᠤᠳ ᠨᠡᠶᠢᠲᠡ 39 ᠲᠦᠮᠡᠨ ᠬᠥᠮᠦᠨ ᠤᠳᠠᠭ᠎ᠠ ᠳᠤ ᠦᠢᠯᠡᠴᠢᠯᠡᠭᠡ ᠬᠦᠷᠳᠡᠭᠡᠪᠡ᠃ | ᠨᠠᠰᠤᠳᠠᠶᠢᠴᠤᠳ ᠲᠤ ᠬᠠᠶᠢᠷ᠎ᠠ ᠬᠠᠯᠠᠮᠵᠢ ᠬᠦᠷᠳᠡᠭᠡᠪᠡ | ︽ᠤᠷᠴᠢᠮᠬᠠᠨ ᠳᠠᠨ ᠤ ᠪᠡᠶ᠎ᠠ ᠮᠠᠬᠠᠪᠤᠳ ᠤᠨ ᠪᠠᠶᠢᠳᠡᠯ ᠵᠦᠭᠡᠷ ᠤᠤ︖ ᠠᠮᠢᠳᠤᠷᠠᠯ ᠤᠨ ᠲᠠᠯ᠎ᠠ ᠪᠠᠷ ᠶᠡᠮᠠᠷ | ᠬᠦᠴᠢᠷᠳᠡᠯᠳᠠᠢ ᠪᠤᠢ︖ ᠤᠴᠢᠷ ᠲᠠᠢ ᠪᠣᠯ ᠮᠠᠨᠤᠰ ᠲᠠᠢ ᠬᠠᠷᠢᠯᠴᠠᠭᠠᠷᠠᠢ ᠁︾ ᠭᠡᠵᠦ ︽ᠠᠰᠠᠷᠠᠨ ᠲᠡᠵᠢᠭᠡᠬᠦ | ᠬᠠᠮᠲᠤ ᠶᠢᠨ ᠴᠣᠭᠴᠠ︾ ᠶᠢᠨ ᠬᠠᠷᠢᠯᠴᠠᠨ ᠬᠠᠪᠰᠤᠷᠤᠯᠴᠠᠬᠤ ᠳᠤᠭᠤᠶᠢᠯᠠᠩ ᠤᠨ ᠭᠡᠰᠢᠬᠦᠳ ᠨᠠᠰᠤᠳᠠᠶᠢᠴᠤᠳ ᠤᠨ | ᠡᠷᠦᠭᠡ ᠪᠠᠷ ᠬᠦᠨᠵᠡᠭᠡᠶᠢᠷᠡᠨ ᠠᠰᠠᠭᠤᠨ ᠰᠤᠷᠠᠬᠯᠠᠨᠠ᠃ ᠲᠠᠳᠠ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ | ᠡᠷᠦᠭᠡ ᠪᠠ ᠭᠠᠴᠠᠭ᠎ᠠ ᠲᠣᠰᠬᠤᠨ ᠵᠡᠭᠡᠯᠢ ᠭᠤᠳᠤᠮᠵᠢ ᠪᠠᠷ ᠶᠠᠪᠤᠵᠤ᠂ ᠣᠨᠴᠠ ᠬᠦᠴᠢᠷᠳᠡᠯᠲᠡᠶ ᠨᠠᠰᠤᠲᠠᠶᠢᠴᠤᠳ ᠢ | ᠲᠣᠭᠲᠠᠮᠠᠯ ᠬᠤᠭᠤᠴᠠᠭ᠎ᠠ ᠲᠠᠢ ᠪᠠᠷ ᠡᠷᠬᠢᠨ ᠦᠵᠡᠵᠦ᠂ ᠳᠡᠳᠡᠨᠡᠷ ᠤᠨ ᠠᠮᠢᠳᠤᠷᠠᠯ ᠤᠨ ᠪᠠᠶᠢᠳᠠᠯ᠂ ᠡᠷᠡᠭᠦᠯ ᠮᠡᠨᠳᠦ ᠶᠢᠨ | ᠪᠠᠶᠢᠳᠠᠯ ᠪᠠ ᠬᠡᠷᠡᠭᠴᠡᠭᠡ ᠱᠠᠭᠠᠷᠳᠠᠯᠭ᠎ᠠ ᠶᠢ ᠤᠶᠢᠯᠠᠭᠠᠨ᠂ ᠨᠠᠰᠤᠲᠠᠶᠢᠴᠤᠳ ᠤᠨ ᠠᠮᠢᠳᠤᠷᠠᠯ ᠤᠨ ᠳᠤᠮᠳᠠ | ᠲᠤᠯᠭᠠᠷᠠᠭᠰᠠᠨ ᠠᠰᠠᠭᠤᠳᠠᠯ ᠢ ᠴᠠᠭ ᠲᠤᠬᠠᠶ ᠳᠤᠨᠢ ᠥᠢᠯᠠᠭᠠᠬᠤ ᠶᠢᠨ ᠬᠠᠮᠲᠤ ᠵᠣᠬᠢᠬᠤ ᠬᠠᠪᠰᠤᠷᠤᠯᠭ᠎ᠠ ᠦᠵᠡᠭᠦᠯᠵᠦ | ᠪᠤᠢ᠃ | 2024 ᠣᠨ ᠳᠤ᠂ ᠬᠢᠩᠭᠠᠨ ᠠᠶᠢᠮᠠᠭ ᠤᠨ ᠠᠷᠠᠳ ᠤᠨ ᠶᠠᠪᠤᠳᠠᠯ ᠤᠨ ᠲᠤᠪᠴᠢᠶ᠎ᠠ ᠪᠦᠬᠦ ᠠᠶᠢᠮᠠᠬ ᠤᠨ | ᠨᠠᠰᠤᠳᠠᠶᠢᠴᠤᠳ ᠲᠤ ᠬᠠᠶᠢᠷ᠎ᠠ ᠬᠠᠯᠠᠮᠵᠢ ᠬᠠᠪᠰᠤᠷᠤᠯᠭ᠎ᠠ ᠳᠠᠮᠵᠢᠯᠭᠡ ᠦᠵᠡᠬᠦᠯᠬᠦ ᠠᠵᠢᠯᠯᠠᠭ᠎ᠠ ᠪᠠᠷ ᠦᠨᠳᠦᠰᠦᠯᠡᠯ | ᠪᠤᠯᠭᠠᠨ᠂ ︽ᠠᠰᠠᠷᠠᠨ ᠲᠡᠵᠢᠭᠡᠬᠦ ᠬᠠᠮᠲᠤ ᠶᠢᠨ ᠴᠣᠭᠴᠠ︾ ᠶᠢᠨ ᠬᠠᠷᠢᠯᠴᠠᠨ ᠬᠠᠪᠰᠤᠷᠤᠯᠴᠠᠬᠤ ᠳᠤᠭᠤᠶᠢᠯᠠᠩ ᠢ | ᠰᠢᠨ᠎ᠡ ᠪᠠᠷ 1013 ᠪᠠᠶᠢᠭᠤᠯᠤᠬᠰᠠᠨ ᠪᠠᠶᠢᠨ᠎ᠠ᠃ ᠬᠠᠷᠢᠯᠴᠠᠨ ᠬᠠᠪᠰᠤᠷᠤᠯᠴᠠᠬᠤ ᠳᠤᠭᠤᠶᠢᠯᠠᠩ ᠨᠢ ᠭᠠᠴᠠᠭ᠎ᠠ ︵ | ᠨᠡᠶᠢᠭᠡᠮ ᠲᠣᠭᠤᠷᠢᠭ︶ ᠶᠢᠨ ︽ᠬᠤᠶᠠᠷ ᠵᠥᠪᠯᠡᠯ︾ ᠤᠨ ᠭᠡᠰᠢᠬᠦᠳ᠂ ᠬᠤᠳᠠᠯᠳᠤᠭᠠᠨ ᠤ ᠭᠠᠵᠠᠷ ᠤᠨ ᠡᠵᠡᠩᠨᠡᠭᠴᠢ᠂ | ᠡᠷᠡᠭᠦᠯ ᠬᠠᠮᠠᠭᠠᠯᠠᠯ ᠤᠨ ᠲᠠᠰᠤᠭ ᠤᠨ ᠠᠵᠢᠯᠳᠡᠨ᠂ ᠬᠤᠭᠤᠯᠠᠨ ᠭᠡᠷ ᠤᠨ ᠦᠢᠯᠡᠴᠢᠯᠡᠭᠴᠢ᠂ ᠨᠠᠮ ᠤᠨ ᠭᠡᠰᠢᠭᠦᠨ᠂ | ᠳᠤᠤᠷᠵᠢᠭᠤᠯᠤᠬᠴᠢ᠂ ᠰᠠᠶᠢᠨ ᠳᠤᠷᠠᠴᠤᠤᠯ ᠢᠶᠠᠷ ᠪᠦᠷᠢᠯᠳᠦᠵᠦ᠂ ᠳᠤᠭᠤᠶᠢᠯᠠᠩ ᠪᠦᠷᠢ ᠳᠤ 5 ᠠᠴᠠ 7 ᠬᠥᠮᠦᠨ ᠲᠠᠢ | ᠃ ᠭᠠᠷᠠᠭ ᠪᠦᠷᠢ ᠨᠢᠭᠡ ᠤᠳᠠᠭ᠎ᠠ ᠡᠷᠬᠢᠨ ᠦᠵᠡᠬᠦ ᠠᠵᠢᠯᠯᠠᠭ᠎ᠠ ᠥᠷᠨᠢᠭᠦᠯᠵᠦ᠂ ᠭᠠᠭᠴᠠᠭᠠᠷ ᠢᠶᠠᠨ ᠠᠮᠢᠳᠤᠷᠠᠵᠦ | ᠪᠠᠶᠢᠭ᠎ᠠ ᠨᠠᠰᠤᠲᠠᠶᠢᠴᠤᠳ ᠤᠨ ᠠᠮᠢᠳᠤᠷᠠᠯ ᠤᠨ ᠪᠠᠶᠢᠳᠡᠯ᠂ ᠬᠡᠷ ᠪᠦᠯᠢ ᠶᠢᠨ ᠠᠰᠠᠷᠠᠨ ᠲᠡᠵᠢᠭᠡᠬᠦ᠂ ᠬᠠᠯᠠᠮᠵᠢᠯᠠᠨ | ᠬᠠᠪᠰᠤᠷᠴᠦ ᠪᠠᠶᠢᠭ᠎ᠠ ᠪᠠᠶᠢᠳᠠᠯ ᠢ ᠠᠰᠠᠭᠤᠨ ᠯᠠᠪᠯᠠᠵᠤ ᠦᠨᠡᠯᠡᠨ ᠵᠢᠱᠢᠯᠲᠡ ᠬᠢᠵᠦ᠂ ᠭᠤᠤᠯᠳᠠᠯᠭ᠎ᠠ ᠲᠠᠢ ᠵᠦᠢᠯ ᠤᠳ ᠢ | ᠴᠠᠭ ᠲᠤᠬᠠᠶ ᠳᠤᠨᠢ ᠳᠡᠭᠡᠭᠰᠢ ᠮᠡᠳᠡᠭᠦᠯᠬᠦ ᠶᠢᠨ ᠬᠠᠮᠲᠤ ᠡᠯ᠎ᠡ ᠲᠠᠯ᠎ᠠ ᠶᠢᠨ ᠬᠦᠴᠦᠨ ᠢ ᠵᠣᠬᠢᠶᠠᠨ ᠪᠠᠶᠢᠭᠤᠯᠤᠨ | ᠵᠣᠬᠢᠴᠠᠭᠤᠯᠵᠤ ᠪᠠᠶᠢᠭᠠᠳ ᠬᠤᠭᠤᠯᠠ ᠤᠮᠳᠠ᠂ ᠪᠡᠶ᠎ᠡ ᠤᠬᠢᠶᠠᠯᠭ᠎ᠠ᠂ ᠠᠷᠢᠭᠤᠨ ᠴᠡᠪᠡᠷ᠂ ᠡᠮᠴᠢᠯᠡᠭᠡ ᠰᠤᠪᠢᠯᠠᠯᠳᠠ᠂ | ᠪᠠᠴᠢᠮ ᠪᠠᠶᠢᠳᠠᠯ᠂ ᠶᠠᠪᠤᠵᠤ ᠰᠠᠭᠤᠬᠤ ᠵᠡᠷᠭᠡ ︽ᠵᠢᠷᠭᠤᠭ᠎ᠠ ᠶᠢ ᠲᠤᠰᠠᠯᠠᠬᠤ︾ ᠦᠢᠯᠡᠴᠢᠯᠡᠭᠡᠨ ᠳᠤ ᠢᠳᠡᠪᠬᠢᠲᠡᠶ | ᠣᠷᠣᠯᠴᠠᠭᠤᠯᠪᠠ᠃ | ᠵᠠᠯᠠᠶᠢᠳ ᠬᠤᠰᠢᠭᠤᠨ ᠤ ᠬᠤᠯᠪᠤᠭ᠎ᠠ ᠪᠠᠯᠭᠠᠰᠤᠨ ᠤ ᠪᠤᠤ ᠳ᠋ᠧ ᠹᠦ᠋ ᠲᠣᠰᠬᠤᠨ ᠤ ᠭᠠᠭᠴᠠᠭᠠᠷ ᠢᠶᠠᠨ ᠠᠮᠢᠳᠤᠷᠠᠵᠤ | ᠪᠠᠶᠢᠭ᠎ᠠ ᠨᠠᠰᠤᠲᠠᠨ ᠪᠦᠦ ᠮᠧᠩ ᠨᠠᠨ ᠪᠤᠯ ᠠᠮᠢᠳᠤᠷᠠᠯ ᠨᠢ ᠶᠠᠳᠠᠭᠤ ᠬᠦᠴᠢᠷᠳᠠᠯᠳᠠᠢ ᠮᠦᠷᠳᠡᠭᠡᠨ ᠶᠠᠰᠤᠨ ᠤ ᠥᠮᠡᠨ ᠳᠤ | ᠨᠡᠷᠪᠡᠭᠳᠡᠵᠦ᠂ ᠬᠥᠳᠡᠯᠵᠦ ᠪᠠᠷᠢᠬᠤ ᠳᠤ ᠳᠥᠭᠦᠮ ᠦᠭᠡᠢ᠃ ᠡᠨᠡᠬᠦ ᠪᠠᠶᠢᠳᠡᠯ ᠳᠤ ᠴᠢᠭᠯᠡᠬᠦᠯᠤᠨ ︽ᠠᠰᠠᠷᠠᠨ ᠲᠡᠵᠢᠭᠡᠬᠦ | ᠬᠠᠮᠲᠤ ᠶᠢᠨ ᠴᠣᠭᠴᠠ︾ ᠶᠢᠨ ᠬᠠᠷᠢᠯᠴᠠᠨ ᠬᠠᠪᠰᠤᠷᠤᠯᠴᠠᠬᠤ ᠳᠤᠭᠤᠶᠢᠯᠠᠩ ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ | ᠳᠡᠬᠦᠨ ᠢ ᠬᠠᠪᠰᠤᠷᠤᠨ ᠬᠠᠮᠢᠶ᠎ᠠ ᠪᠥᠬᠦᠶ ᠮᠠᠲ᠋ᠧᠷᠢᠶᠠᠯ ᠢ ᠪᠡᠯᠡᠳᠭᠡᠵᠦ᠂ ᠲᠣᠰᠬᠤᠨ ᠵᠢᠴᠢ ᠠᠷᠠᠳ ᠤᠨ ᠶᠠᠪᠤᠳᠠᠯ ᠤᠨ | ᠰᠠᠯᠠᠭ᠎ᠠ ᠮᠥᠴᠢᠷ ᠲᠠᠢ ᠨᠡᠪᠲᠡᠷᠡᠯᠴᠡᠨ ᠵᠣᠬᠢᠴᠠᠭᠤᠯᠤᠭᠰᠠᠨ ᠤ ᠳᠠᠷᠠᠭ᠎ᠠ᠂ ᠪᠤᠤ ᠮᠸᠡᠭ ᠨᠠᠨ ᠳᠤ ᠨᠠᠭᠠᠳᠤ ᠵᠠᠬ᠎ᠠ ᠶᠢᠨ | ᠠᠮᠢᠳᠤᠷᠠᠯ ᠤᠨ ᠪᠠᠲᠤᠯᠠᠭ᠎ᠠ ᠶᠢᠨ ᠭᠠᠷ ᠬᠦᠢᠴᠡᠳᠭᠡᠯ ᠢ ᠨᠢ ᠭᠦᠢᠴᠡᠳᠭᠡᠵᠦ ᠥᠭᠪᠡ᠃ ᠲᠦᠴᠢᠦᠸᠠᠨ ᠰᠢᠶᠠᠨ ᠤ ᠱᠦᠢ | ᠴᠢᠦᠸᠠᠨ ᠪᠠᠯᠭᠠᠰᠤᠨ ᠤ ᠢᠦᠢ ᠪᠦᠦ ᠴᠢᠦᠸᠠᠨ ᠨᠠᠰᠤᠲᠠᠨ ᠲᠠᠮᠪᠠᠷᠠᠵᠤ᠂ ᠶᠠᠪᠤᠵᠦ ᠰᠠᠭᠤᠵᠦ ᠳᠡᠶᠢᠯᠬᠦ ᠦᠭᠡᠢ᠂ | ᠡᠩ ᠤᠨ ᠦᠶ᠎ᠡ ᠳᠤ ᠬᠥᠭᠰᠢᠨ ᠨᠢ ᠬᠠᠷᠠᠭᠠᠯᠵᠠᠳᠠᠭ᠂ ᠡᠬᠦᠨ ᠳᠤ ᠱᠦᠢ ᠴᠢᠦᠸᠠᠨ ᠪᠠᠯᠭᠠᠰᠤᠨ ᠤ ᠠᠵᠢᠯᠲᠠᠳ | ᠦᠷᠭᠦᠯᠵᠢ ᠨᠠᠰᠤᠲᠠᠨ ᠢ ᠡᠷᠬᠢᠨ ᠦᠵᠡᠵᠦ᠂ ᠨᠠᠰᠤᠲᠠᠨ ᠳᠤ ᠢᠲᠡᠭᠡᠯ ᠣᠯᠭᠤᠵᠤ᠂ ᠬᠠᠶᠢᠷ᠎ᠠ ᠬᠠᠯᠠᠮᠵᠢ ᠬᠠᠪᠰᠤᠷᠤᠯᠭ᠎ᠠ | ᠳᠡᠮᠵᠢᠯᠭᠡ ᠦᠵᠡᠬᠦᠯᠦᠭᠰᠡᠨ ᠶᠤᠮ ᠁ | ᠠᠷᠠᠳ ᠲᠦᠮᠡᠨ ᠳᠤ ᠥᠨᠳᠥᠷ ᠶᠠᠰᠤ ᠴᠢᠨᠠᠷ ᠲᠠᠢ ᠠᠮᠢᠳᠤᠷᠠᠯ ᠢ ᠡᠳ᠋ᠯᠡᠬᠦᠯᠬᠦ ᠭᠡᠪᠡᠯ ᠠᠮᠢᠳᠤᠷᠠᠯ ᠨᠢ | ᠬᠦᠴᠢᠷᠳᠡᠯᠲᠡᠢ ᠤᠯᠠᠨ ᠲᠦᠮᠡᠨ ᠤ ︽ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ︾ ᠢ ᠪᠠᠲᠤ ᠰᠠᠬᠢᠬᠤ ᠪᠠᠷ | ᠪᠠᠷᠠᠬᠤ ᠦᠭᠡᠢ ᠪᠠᠰᠠ ᠳᠡᠳᠡᠨᠡᠷ ᠤᠨ ︽ᠵᠣᠯ ᠵᠢᠷᠭᠠᠯᠳᠦ ᠲᠦᠷᠦᠭᠳᠡᠯ︾ ᠢ ᠨᠡᠮᠡᠭᠳᠡᠬᠦᠯᠬᠦ ᠭᠡᠷᠡᠭᠳᠠᠢ᠃ ᠵᠢᠯ ᠤᠨ | ᠡᠬᠢᠨ ᠠᠴᠠ ᠨᠠᠭᠠᠰᠢ᠂ ᠬᠢᠩᠭᠠᠨ ᠠᠶᠢᠮᠠᠭ ᠤᠨ ᠡᠯ᠎ᠠ ᠬᠤᠰᠢᠭᠤ ᠰᠢᠶᠠᠨ ᠬᠤᠳᠠ ᠶᠢᠨ ︽ᠠᠰᠠᠷᠠᠨ ᠲᠡᠵᠢᠭᠡᠬᠦ | ᠬᠠᠮᠲᠤ ᠶᠢᠨ ᠴᠣᠭᠴᠠ︾ ᠶᠢᠨ ᠬᠠᠷᠢᠯᠴᠠᠨ ᠬᠠᠪᠰᠤᠷᠤᠯᠴᠠᠬᠤ ᠳᠤᠭᠤᠶᠢᠯᠠᠩ ᠨᠡᠶᠢᠲᠡ 18272 ᠤᠳᠠᠭ᠎ᠠ ᠶᠢᠨ | ᠦᠢᠯᠡᠴᠢᠯᠡᠭᠡ ᠶᠢ ᠥᠷᠨᠢᠭᠦᠯᠪᠡ︔ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠨᠡᠶᠢᠭᠡᠮ ᠤᠨ ᠠᠪᠤᠷᠠᠨ | ᠲᠤᠰᠠᠯᠠᠬᠤ ᠠᠵᠢᠯ ᠲᠠᠢ ᠤᠶᠠᠯᠳᠤᠭᠤᠯᠤᠨ᠂ 3799 ᠨᠠᠰᠤᠲᠠᠡ ᠢ ᠠᠪᠤᠷᠠᠨ ᠲᠤᠰᠠᠯᠠᠵᠤ᠂ ᠠᠪᠤᠷᠠᠨ ᠲᠤᠰᠠᠯᠠᠭᠰᠠᠨ | ᠵᠣᠭᠤᠰ ᠤᠨ ᠲᠤᠭ᠎ᠠ 502.93 ᠲᠦᠮᠡᠨ ᠲᠥᠭᠦᠷᠢᠭ ᠲᠤ ᠬᠥᠷᠪᠡ᠃ | ︽ᠣᠶᠤᠨᠴᠢ ᠨᠠᠰᠤᠵᠢᠯ ᠤᠨ ᠠᠰᠠᠷᠠᠮᠵᠢ︾ ᠶᠢᠨ ᠦᠢᠯᠡᠴᠢᠯᠡᠭᠡ ᠶᠢ ᠡᠳ᠋ᠯᠡᠬᠦᠯᠪᠡ | ︽ᠲᠠ ᠰᠠᠶᠢᠨ ᠦᠦ᠂ ᠪᠢ ᠪᠣᠯ ᠤᠯᠠᠭᠠᠨᠬᠤᠲᠠ ᠶᠢᠨ ᠨᠠᠰᠤᠵᠢᠯ ᠤᠨ ᠠᠰᠠᠷᠠᠮᠵᠢ ᠶᠢᠨ ᠶᠡᠷᠦᠩᠬᠡᠶᠢᠯᠡᠭᠰᠡᠨ | ᠦᠢᠯᠡᠴᠢᠯᠡᠭᠡᠨ ᠤ ᠲᠥᠪ ᠤᠨ ᠠᠵᠢᠯᠳᠡᠨ᠂ ᠲᠠ ᠪᠡᠶ᠎ᠠ ᠤᠬᠢᠶᠠᠯᠭ᠎ᠠ ᠶᠢᠨ ᠦᠢᠯᠡᠴᠢᠯᠡᠭᠡ ᠶᠢ ᠤᠷᠢᠳᠴᠢᠯᠠᠨ ᠪᠣᠯᠵᠣᠬᠤ | ᠭᠡᠵᠦ ᠪᠠᠶᠢᠨ᠎ᠠ ᠤᠤ︖ ᠪᠢᠳᠡ ᠠᠯᠢ ᠲᠦᠷᠭᠡᠨ ᠢᠶᠠᠷ ᠲᠠᠨ ᠳᠤ ᠲᠣᠬᠢᠷᠠᠭᠤᠯᠵᠤ ᠥᠭᠭᠦᠶ᠎ᠡ︾ ᠭᠡᠵᠦ | ᠤᠯᠠᠭᠠᠨᠬᠤᠲᠠ ᠶᠢᠨ ᠤᠶᠤᠨᠴᠢ ᠨᠠᠰᠤᠵᠢᠯ ᠤᠨ ᠠᠰᠠᠷᠠᠮᠵᠢ ᠶᠢᠨ ᠲᠣᠬᠢᠷᠠᠭᠤᠯᠤᠨ ᠵᠢᠯᠣᠭᠤᠳᠬᠤ ᠲᠥᠪ ᠤᠨ ᠠᠵᠢᠯᠲᠠᠡ | ᠬᠠᠯᠠᠮᠰᠢᠯ ᠤᠲᠠᠰᠤ ᠶᠢ ᠳᠤᠰᠤᠨ ᠨᠠᠰᠤᠲᠠᠶᠢᠴᠤᠳ ᠤᠨ ᠭᠡᠷᠡᠭᠴᠡᠭᠡ ᠱᠠᠭᠠᠷᠳᠠᠯᠭ᠎ᠠ ᠶᠢ ᠤᠶᠢᠯᠠᠭᠠᠨ ᠦᠢᠯᠡᠴᠢᠯᠡᠭᠡ | ᠬᠠᠨᠭ᠍ᠭᠠᠨ᠎ᠠ᠃ | ︽ᠪᠢ ᠭᠠᠭᠴᠠᠭᠠᠷ ᠢᠶᠠᠨ ᠠᠮᠢᠳᠤᠷᠠᠵᠦ ᠪᠠᠶᠢᠭ᠎ᠠ ᠪᠣᠯᠬᠤᠷ ᠭᠡᠷ ᠵᠠᠭᠤᠷ᠎ᠠ ᠶᠢᠨ ᠠᠵᠢᠯ ᠢᠶᠠᠨ ᠬᠢᠵᠦ ᠵᠠᠪᠳᠤᠬᠤ | ᠦᠭᠡᠢ᠂ ᠦᠷᠬᠦᠯᠵᠢ 96111 ᠬᠠᠯᠠᠮᠰᠢᠯ ᠤᠲᠠᠰᠤ ᠪᠠᠷ ᠬᠠᠪᠰᠤᠷᠤᠮᠵᠢ ᠭᠤᠶᠤᠴᠢᠯᠠᠳᠠᠬ᠃ ᠦᠢᠯᠡᠴᠢᠯᠡᠭᠡᠨ ᠤ | ᠠᠵᠢᠯᠳᠡᠳ ᠴᠤ ᠲᠡᠷᠡ ᠳᠠᠷᠤᠶ ᠬᠦᠷᠴᠦ ᠢᠷᠡᠵᠦ᠂ ᠦᠢᠯᠡᠴᠢᠯᠡᠭᠡ ᠬᠠᠪᠰᠤᠷᠤᠮᠵᠢ ᠦᠵᠡᠬᠦᠯᠳᠡᠭ︾ ᠭᠡᠵᠦ | ᠤᠯᠠᠭᠠᠨᠬᠤᠲᠠ ᠶᠢᠨ ᠰᠠᠭᠤᠭᠠᠯᠢ ᠠᠷᠠᠳ ᠾᠧ ᠸᠧᠨ ᠰᠢᠶᠠ ᠶᠠᠷᠢᠵᠦ ᠪᠠᠶᠢᠯ᠎ᠠ᠃ | ︽96111 ᠬᠠᠯᠠᠮᠰᠢᠯ ᠤᠲᠠᠰᠤ ᠨᠡᠪᠲᠡᠷᠡᠭᠰᠡᠨ ᠠᠴᠠ ᠨᠠᠭᠠᠰᠢ᠂ ᠨᠢᠭᠡᠨᠳᠡ ᠮᠠᠰᠢ ᠤᠯᠠᠨ ᠨᠠᠰᠤᠳᠠᠠ ᠳᠤ | ᠦᠢᠯᠡᠴᠢᠯᠡᠭᠡ ᠬᠠᠨᠭ᠍ᠭᠠᠬᠰᠠᠨ ᠪᠠᠶᠢᠨ᠎ᠠ᠃ ᠨᠠᠰᠤᠲᠠᠶᠢᠴᠤᠳ ᠤᠨ ᠬᠠᠷᠢᠭᠤ ᠲᠤᠰᠬᠠᠯ ᠮᠠᠰᠢ ᠰᠠᠶᠢᠨ᠂ ᠮᠦᠨ ᠴᠤ ᠪᠠᠰᠠ | ᠪᠢᠳᠡᠨ ᠳᠤ ᠡᠳᠦᠶ ᠲᠡᠳᠦᠶ ᠰᠠᠨᠠᠭᠤᠯᠭ᠎ᠠ ᠳᠤᠷᠠᠳᠤᠭᠰᠠᠨ ᠪᠠᠶᠢᠨ᠎ᠠ᠃ ᠪᠢᠳᠡ ᠲᠤᠬᠠᠶᠢᠯᠠᠭᠰᠠᠨ ᠠᠵᠢᠯ ᠤᠨ | ᠬᠡᠪᠴᠢᠶ᠎ᠡ ᠪᠠᠨ ᠥᠷᠭᠡᠳᠭᠡᠵᠦ᠂ ᠦᠢᠯᠡᠴᠢᠯᠡᠭᠡ ᠬᠠᠪᠰᠤᠷᠤᠮᠵᠢ ᠪᠠᠨ ᠨᠠᠩ ᠰᠢᠯᠢᠳᠡᠭᠵᠢᠬᠦᠯᠵᠦ ᠪᠤᠢ︾ ᠭᠡᠵᠦ | ᠤᠯᠠᠭᠠᠨᠬᠤᠲᠠ ᠶᠢᠨ ᠨᠠᠰᠤᠵᠢᠯ ᠤᠨ ᠠᠰᠠᠷᠠᠮᠵᠢ ᠶᠢᠨ ᠲᠤᠬᠢᠷᠠᠭᠤᠯᠤᠨ ᠵᠢᠯᠣᠭᠤᠳᠬᠤ ᠤᠶᠤᠨᠴᠢ ᠲᠥᠪ ᠤᠨ ᠠᠵᠢᠯᠳᠠᠨ | ᠯᠢᠦ ᠵᠦᠩ ᠯᠢ ᠶᠠᠷᠢᠯ᠎ᠠ᠃ | ᠨᠠᠰᠤᠲᠠᠶᠢᠴᠤᠳ ᠲᠤ ᠦᠢᠯᠡᠴᠢᠯᠡᠬᠦ 96111 ᠬᠠᠯᠠᠮᠰᠢᠯ ᠤᠲᠠᠰᠤ ᠪᠣᠯ ᠠᠶᠢᠮᠠᠭ ᠬᠤᠰᠢᠭᠤ ᠬᠤᠶᠠᠷ | ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠬᠢᠭᠡᠳ ᠭᠤᠷᠪᠠᠳᠤᠭᠠᠷ ᠲᠠᠯ᠎ᠠ ᠶᠢᠨ ᠬᠠᠮᠲᠤᠷᠠᠨ | ᠨᠡᠪᠲᠡᠷᠡᠭᠦᠯᠦᠭᠰᠡᠨ ᠬᠥᠮᠦᠨ ᠤ ᠬᠦᠴᠦᠨ ᠤ ᠦᠢᠯᠡᠴᠢᠯᠡᠭᠡ ᠪᠣᠯᠤᠨ᠎ᠠ᠃ ᠳᠡᠷᠡ ᠨᠢ ᠡᠳᠦᠷ ᠪᠦᠷᠢ ᠶᠢᠨ 08᠄ 00 | — 12᠄ 00᠂ 14᠄ 00 — 18᠄ 00 ᠴᠠᠬ ᠤᠨ ᠬᠤᠭᠤᠷᠣᠨᠳᠣ ᠬᠢᠩᠭᠠᠨ ᠠᠶᠢᠮᠠᠭ ᠤᠨ ᠬᠢᠯᠢ | ᠳᠣᠲᠣᠷᠠᠬᠢ ᠨᠠᠰᠤᠵᠢᠯ ᠤᠨ ᠠᠰᠠᠷᠠᠮᠵᠢ ᠶᠢᠨ ᠲᠠᠯ᠎ᠠ ᠶᠢᠨ ᠯᠠᠪᠯᠠᠯᠲᠠ ᠶᠢ ᠭᠥᠯᠢᠶᠡᠨ ᠠᠪᠴᠤ ᠰᠢᠢᠳᠪᠦᠷᠢᠯᠡᠬᠦ ᠪᠤᠯᠤᠨ᠎ᠠ᠃ | ᠦᠢᠯᠡᠴᠢᠯᠡᠭᠡᠨ ᠤ ᠬᠠᠯᠠᠮᠰᠢᠯ ᠤᠲᠠᠰᠤ ᠨᠢ ᠬᠢᠩᠭᠠᠨ ᠠᠶᠢᠮᠠᠭ ᠤᠨ ᠨᠠᠰᠤᠵᠢᠯ ᠤᠨ ᠠᠰᠠᠷᠠᠮᠵᠢ ᠶᠢᠨ ᠶᠡᠷᠦᠩᠬᠡᠶᠢᠯᠡᠭᠰᠡᠨ | ᠮᠡᠳᠡᠭᠡ ᠵᠠᠩᠭᠢ ᠶᠢᠨ ᠦᠢᠯᠡᠴᠢᠯᠡᠭᠡᠨ ᠤ ᠤᠶᠤᠨᠴᠢ ᠲᠠᠪᠴᠠᠩ ᠳ᠋ᠠᠢ ᠬᠤᠯᠪᠤᠯᠳᠤᠨ ᠨᠡᠪᠳᠡᠷᠡᠯᠴᠡᠵᠦ᠂ | ᠨᠠᠰᠤᠲᠠᠶᠢᠴᠤᠳ ᠲᠤ ᠲᠦᠷᠦ ᠶᠢᠨ ᠪᠤᠳᠤᠯᠭ᠎ᠠ ᠶᠢᠨ ᠯᠠᠪᠯᠠᠯᠭ᠎ᠠ᠂ ᠮᠡᠳᠡᠭᠡ ᠵᠠᠩᠭᠢ ᠶᠢᠨ ᠯᠠᠪᠯᠠᠯᠲᠠ᠂ ᠲᠤᠬᠠᠶᠢᠯᠠᠭᠰᠠᠨ | ᠠᠵᠢᠯ ᠤᠨ ᠭᠦᠢᠴᠡᠳᠭᠡᠯ᠂ ᠪᠣᠯᠵᠣᠭᠠᠲᠤ ᠦᠢᠯᠡᠴᠢᠯᠡᠭᠡ᠂ ᠠᠮᠢᠳᠤᠷᠠᠯ ᠤᠨ ᠬᠠᠷᠠᠭᠠᠯᠵᠠᠯ᠂ ᠡᠷᠡᠭᠦᠯᠵᠢᠯ ᠰᠤᠪᠢᠯᠠᠯᠲᠠ᠂ | ᠡᠷᠡᠭᠦᠯ ᠮᠡᠨᠳᠦ ᠶᠢᠨ ᠬᠠᠮᠢᠶᠠᠷᠤᠯᠲᠠ᠂ ᠰᠣᠶᠣᠯ ᠴᠡᠩᠭᠡᠯ ᠰᠤᠷᠭᠠᠨ ᠬᠥᠮᠦᠵᠢᠯ ᠵᠡᠷᠭᠡ ᠪᠦᠬᠦ ᠲᠠᠯ᠎ᠠ ᠶᠢᠨ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠬᠠᠩᠭᠠᠯᠭ᠎ᠠ ᠶᠢ ᠪᠡᠶᠡᠯᠡᠭᠦᠯᠳᠡᠭ᠃ | ᠣᠳᠣᠬᠠᠨ ᠳᠤ᠂ ᠬᠢᠩᠭᠠᠨ ᠠᠶᠢᠮᠠᠭ ᠤᠨ ᠨᠠᠰᠤᠲᠠᠶᠢᠴᠤᠳ ᠲᠤ ᠦᠢᠯᠡᠴᠢᠯᠡᠬᠦ 96111 ᠬᠠᠯᠠᠮᠰᠢᠯ ᠤᠲᠠᠰᠤ | ᠬᠤᠰᠢᠭᠤ ᠰᠢᠶᠠᠨ ᠬᠤᠳᠠ ᠶᠢᠨ ᠬᠡᠪᠴᠢᠶᠡᠨ ᠳᠤ ᠪᠦᠬᠦᠨ ᠢᠶᠠᠷ ᠢᠶᠠᠨ ᠨᠡᠪᠲᠡᠷᠡᠵᠡᠢ᠃ 6 ᠬᠤᠰᠢᠭᠤ ᠰᠢᠶᠠᠨ | ᠬᠤᠲᠠ ᠶᠢᠨ ᠱᠠᠲᠤᠨ ᠤ ᠨᠠᠰᠤᠵᠢᠯ ᠤᠨ ᠠᠰᠠᠷᠠᠮᠵᠢ ᠶᠢᠨ ᠳᠣᠭᠢᠷᠠᠭᠤᠯᠤᠨ ᠵᠢᠯᠣᠭᠤᠳᠬᠤ ᠲᠥᠪ ᠢ ᠪᠦᠬᠦᠨ ᠢ | ᠠᠰᠢᠭᠯᠠᠯᠲᠠ ᠳᠤ ᠣᠷᠣᠭᠤᠯᠵᠤ᠂ ︽1 + 6︾ ᠶᠢᠨ ᠦᠢᠯᠡᠴᠢᠯᠡᠭᠡᠨ ᠤ ᠵᠠᠭᠪᠤᠷ ᠢ ᠪᠣᠶ ᠪᠣᠯᠭᠠᠵᠤ᠂ | ᠵᠠᠬᠢᠶᠠᠯᠠᠭ᠎ᠠ ᠶᠢᠨ ᠬᠠᠭᠤᠳᠠᠰᠤ ᠶᠢ ᠳᠤᠰᠤᠨ ᠦᠢᠯᠡᠴᠢᠯᠡᠬᠦ᠂ ᠠᠰᠠᠭᠤᠳᠡᠯ ᠳᠤ ᠬᠠᠷᠢᠭᠤ ᠥᠭᠬᠦ ᠶᠢ ᠪᠡᠶᠡᠯᠡᠭᠦᠯᠵᠦ᠂ | ᠬᠢᠩᠭᠠᠨ ᠠᠶᠢᠮᠠᠭ ᠤᠨ ︽ᠢᠨᠲ᠋ᠧᠷ ᠰᠦᠯᠵᠢᠶ᠎ᠡ + ᠨᠠᠰᠤᠵᠢᠯ ᠤᠨ ᠠᠰᠠᠷᠠᠮᠵᠢ︾ ᠶᠢᠨ ᠦᠢᠯᠡᠴᠢᠯᠡᠭᠡᠨ ᠤ ᠰᠢᠨ᠎ᠡ | ᠵᠠᠭᠪᠤᠷ ᠢ ᠪᠣᠶ ᠪᠣᠯᠭᠠᠬᠤ ᠪᠠᠷ ᠬᠦᠴᠦᠯᠡᠨ ᠴᠢᠷᠮᠠᠶᠢᠬᠤ ᠴᠢᠬᠤᠯᠠ ᠠᠷᠭ᠎ᠠ ᠬᠡᠮᠵᠢᠶ᠎ᠡ ᠪᠣᠯᠤᠬᠰᠠᠨ ᠪᠠᠶᠢᠨ᠎ᠠ᠃ | ︽ᠬᠢᠩᠭᠠᠨ ᠠᠶᠢᠮᠠᠭ ᠤᠨ ᠪᠦᠬᠦᠯᠢ 60 ᠨᠠᠰᠤ ᠵᠢᠴᠢ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠨᠢ | ᠪᠥᠬᠦ ᠠᠶᠢᠮᠠᠭ ᠤᠨ ᠪᠠᠶᠢᠩᠭᠤ ᠰᠠᠭᠤᠭ᠎ᠠ ᠬᠥᠮᠦᠨ ᠠᠮᠠ ᠶᠢᠨ 18% ᠶᠢ ᠡᠵᠡᠯᠡᠵᠦ᠂ ᠨᠠᠰᠤᠵᠢᠯ ᠤᠨ ᠳᠤᠮᠳᠠ | ᠱᠠᠲᠤᠨ ᠳᠤ ᠣᠷᠣᠰᠢᠵᠤ ᠪᠣᠶ᠂ ᠵᠠᠯᠭᠠᠭᠠᠳ ᠪᠢᠳᠡ ︿ᠬᠡᠷᠡᠭᠴᠡᠭᠡ ᠱᠠᠭᠠᠷᠳᠠᠯᠭ᠎ᠠ ᠶᠢ ᠡᠵᠡᠮᠰᠢᠬᠦ᠂ ᠡᠬᠢ ᠪᠠᠶᠠᠯᠢᠭ ᠢ | ᠡᠮᠬᠢᠯᠡᠨ ᠨᠡᠶᠢᠯᠡᠭᠦᠯᠬᠦ᠂ ᠲᠠᠪᠴᠠᠩ ᠪᠠᠶᠢᠭᠤᠯᠬᠤ᠂ ᠬᠤᠯᠪᠣᠯᠲᠠ ᠶᠢ ᠰᠠᠶᠢᠲᠤᠷ ᠬᠢᠬᠦ﹀ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠬᠡᠷ ᠪᠦᠯᠢ᠂ ᠨᠡᠶᠢᠭᠡᠮ ᠲᠣᠭᠤᠷᠢᠭ᠂ ᠪᠠᠶᠢᠭᠤᠯᠤᠮᠵᠢ ᠶᠢ ᠬᠠᠷᠢᠯᠴᠠᠨ ᠵᠣᠬᠢᠴᠠᠭᠤᠯᠤᠭᠰᠠᠨ | ᠨᠠᠰᠤᠵᠢᠯ ᠤᠨ ᠠᠰᠠᠷᠠᠮᠵᠢ ᠶᠢᠨ ᠦᠨᠳᠦᠰᠦᠨ ᠦᠢᠯᠡᠴᠢᠯᠡᠭᠡᠨ ᠤ ᠰᠢᠰᠲ᠋ᠧᠮ ᠢ ᠨᠠᠩ ᠰᠠᠶᠢᠲᠤᠷ ᠪᠣᠶ ᠪᠣᠯᠭᠠᠵᠤ᠂ | ᠨᠠᠰᠤᠲᠠᠶᠢᠴᠤᠳ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ︾ | ᠭᠡᠵᠦ ᠬᠢᠩᠭᠠᠨ ᠠᠶᠢᠮᠠᠭ ᠤᠨ ᠠᠷᠠᠳ ᠤᠨ ᠶᠠᠪᠤᠳᠠᠯ ᠤᠨ ᠲᠤᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ | ᠭᠡᠰᠢᠬᠦᠨ᠂ ᠭᠤᠷᠪᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠯᠢᠦ ᠵᠢᠶᠦ᠋ᠨ ᠶᠠᠷᠢᠯ᠎ᠠ᠃ |