| ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠢ ᠬᠦᠷᠴᠦ ᠢᠷᠡᠬᠦ | ᠲᠠᠰᠢᠷᠠᠮ ᠢᠶᠠᠷ᠂ 9 ᠰᠠᠷ᠎ᠠ ᠶᠢᠨ 27 ᠤ ᠡᠳᠦᠷ᠂ ᠷᠠᠰᠢᠶᠠᠨ ᠬᠤᠲᠠ ᠶᠢᠨ ᠵᠡᠮᠳᠡᠭᠴᠦᠳ ᠤᠨ ᠬᠤᠯᠪᠣᠭ᠎ᠠ | ᠬᠤᠲᠠ ᠶᠢᠨ ᠰᠣᠶᠣᠯ ᠵᠢᠭᠤᠯᠴᠢᠯᠠᠯ ᠤᠨ ᠦᠢᠯᠡᠴᠢᠯᠡᠭᠡᠨ ᠤ ᠲᠥᠪ ᠲᠠᠢ ᠬᠠᠮᠲᠤᠷᠠᠨ ᠰᠣᠶᠣᠯ ᠢ ᠵᠡᠮᠳᠡᠭᠴᠦᠳ ᠤᠨ ᠭᠡᠷ | ᠪᠦᠯᠢ ᠳᠤ ᠬᠦᠷᠭᠡᠬᠦ ︽ᠲᠠᠪᠤᠨ ᠨᠢᠭᠡ︾ ᠶᠢᠨ ᠰᠢᠷᠢᠰ ᠠᠵᠢᠯᠯᠠᠭ᠎ᠠ ᠦᠷᠨᠢᠬᠦᠯᠵᠤ᠂ ᠬᠤᠲᠠ ᠶᠢᠨ ᠵᠡᠮᠳᠡᠭᠴᠦᠳ ᠵᠢᠴᠢ | ᠵᠡᠮᠳᠡᠭᠴᠤᠳ ᠤᠨ ᠬᠤᠯᠪᠤᠭ᠎ᠠ ᠶᠢᠨ 40 ᠭᠠᠷᠤᠶ ᠠᠵᠢᠯᠲᠠᠨ ᠲᠣᠰ ᠤᠳᠠᠭᠠᠨ ᠤ ᠠᠵᠢᠯᠯᠠᠭ᠎ᠠ ᠳᠤ ᠣᠷᠣᠯᠴᠠᠪᠠ᠃ | ᠵᠡᠮᠳᠡᠭᠴᠦᠳ ᠢ ᠰᠠᠶᠢᠲᠤᠷ ᠬᠠᠷᠠᠭᠠᠯᠵᠠᠬᠤ ᠶᠢᠨ ᠲᠥᠯᠥᠭᠡ᠂ ᠬᠤᠲᠠ ᠶᠢᠨ ᠵᠡᠮᠳᠡᠭᠴᠦᠳ ᠤᠨ ᠬᠤᠯᠪᠣᠭ᠎ᠠ ᠶᠢᠨ | ᠬᠢᠨ ᠡᠮᠦᠨ᠎ᠡ ᠬᠤᠭᠤᠴᠠᠭᠠᠨ ᠳᠠᠬᠢ ᠪᠡᠯᠡᠳᠬᠡᠯ ᠠᠵᠢᠯ ᠢ ᠭᠦᠢᠴᠡᠳ ᠬᠢᠵᠦ᠂ ᠬᠠᠮᠢᠶ᠎ᠠ ᠪᠦᠬᠦᠢ ᠪᠠᠶᠢᠭᠤᠯᠭ᠎ᠠ | ᠨᠢᠭᠡᠴᠢ ᠲᠠᠢ ᠰᠠᠨᠠᠯ ᠪᠤᠳᠤᠯ ᠢᠶᠠᠨ ᠰᠤᠯᠢᠯᠴᠠᠨ᠂ ᠲᠣᠰ ᠤᠳᠠᠭᠠᠨ ᠤ ᠲᠣᠭᠤᠷᠢᠨ ᠦᠵᠡᠬᠦ ᠦᠢᠯᠡᠴᠢᠯᠡᠭᠡᠨ ᠤ | ᠡᠲᠡᠭᠡᠳ ᠤᠨ ᠠᠮᠤᠷ ᠲᠦᠪᠰᠢᠨ ᠪᠠ ᠠᠵᠢᠯᠯᠠᠭᠠᠨ ᠤ ᠡᠮᠬᠢ ᠳᠢᠭᠯᠢᠮ ᠢ ᠪᠠᠲᠤᠯᠠᠬᠤ ᠶᠢᠨ ᠬᠠᠮᠲᠤ ᠡᠯ᠎ᠡ ᠲᠥᠷᠥᠯ ᠤᠨ | ᠵᠡᠮᠳᠡᠭᠴᠦᠳ ᠤᠨ ᠠᠳᠠᠯᠢ ᠪᠤᠰᠤ ᠬᠡᠷᠡᠭᠴᠡᠭᠡ ᠶᠢ ᠪᠣᠳᠣᠯᠬᠢᠯᠠᠵᠤ᠂ ᠬᠥᠯ ᠭᠠᠷ ᠨᠢ ᠳᠥᠭᠦᠮ ᠦᠭᠡᠢ ᠵᠡᠮᠳᠡᠭᠴᠦᠳ ᠢ | ᠲᠡᠷᠭᠡ ᠬᠥᠰᠬᠡ ᠪᠠᠷ ᠲᠤᠰᠴᠤ ᠬᠦᠷᠭᠡᠵᠠᠢ᠃ | ᠬᠤᠳᠠ ᠶᠢᠨ ᠵᠡᠮᠳᠡᠭᠴᠤᠳ ᠤᠨ ᠬᠤᠯᠪᠤᠭ᠎ᠠ ᠶᠢᠨ ᠲᠤᠰ ᠠᠵᠢᠯᠯᠠᠭ᠎ᠠ ᠨᠢ ᠣᠯᠠᠨ ᠤ ᠪᠠᠶᠠᠷ ᠪᠠᠭ᠋ᠠᠳᠤᠯ ᠤᠨ | ᠳᠤᠮᠳᠠ ᠬᠥᠰᠢᠭᠡ ᠪᠠᠨ ᠰᠡᠬᠦᠪᠡ᠃ ᠬᠤᠲᠠ ᠶᠢᠨ ᠰᠣᠶᠣᠯ ᠵᠢᠭᠤᠯᠴᠢᠯᠠᠯ ᠤᠨ ᠦᠢᠯᠡᠴᠢᠯᠡᠭᠡᠨ ᠤ ᠲᠥᠪ ᠤᠨ | ᠠᠵᠢᠯᠲᠠᠨ ᠤ ᠳᠠᠭᠠᠭᠤᠯᠭ᠎ᠠ ᠳᠣᠣᠷ᠎ᠠ᠂ ᠣᠯᠠᠨ ᠢᠶᠠᠷ ᠢᠶᠠᠨ ᠵᠢᠷᠤᠭ ᠤᠨ ᠦᠵᠡᠰᠬᠦᠯᠡᠩ ᠪᠠ ︽ᠷᠠᠰᠢᠶᠠᠨ ᠤ ᠡᠨᠡ | ᠠᠷᠪᠠᠨ ᠵᠢᠯ︾ ᠤᠨ ᠦᠵᠡᠭᠦᠯᠭᠡ ᠶᠢ ᠰᠣᠨᠢᠷᠬᠠᠵᠤ᠂ ᠠᠵᠢᠯᠲᠠᠨ ᠤ ᠠᠮᠢᠳᠤᠯᠢᠭ ᠪᠦᠭᠡᠳ ᠰᠤᠨᠢᠷᠬᠠᠯᠳᠠᠢ | ᠲᠠᠶᠢᠯᠪᠤᠷᠢᠯᠠᠯᠳᠠ ᠪᠠᠷ ᠲᠠᠮᠵᠢᠨ᠂ ᠵᠡᠮᠳᠡᠭᠴᠤᠳ ᠲᠤ ᠷᠠᠰᠢᠶᠠᠨ ᠤ ᠰᠦᠷᠯᠢᠭ ᠰᠠᠶᠢᠬᠠᠨ ᠠᠭᠤᠯᠠ ᠤᠰᠤᠨ ᠤ | ᠦᠵᠡᠮᠵᠢ ᠶᠢ ᠮᠡᠳᠡᠷᠡᠬᠦᠯᠵᠤ᠂ ᠷᠠᠰᠢᠶᠠᠨ ᠤ ᠲᠡᠦᠬᠡ ᠶᠢᠨ ᠦᠯᠢᠭᠡᠷ ᠢ ᠣᠶᠢᠯᠠᠭᠠᠭᠤᠯᠪᠠ ᠃ |