ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠰᠤ᠋ ᠫᠧᠩ ᠯᠢ ᠲᠢᠶᠠᠨ ‍ᠣᠣᠢ ᠪᠠᠯᠭᠠᠰᠤᠨ ᠤ ᠷᠠᠰᠢᠶᠠᠨ ᠲᠣᠰᠬᠤᠨ ᠢᠶᠠᠷ ᠭᠦᠨᠵᠡᠭᠡᠶᠢᠷᠡᠨ ᠨᠠᠮ ᠤᠨ ᠬᠤᠷᠢᠳᠤᠭᠠᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2024/9/3
     ᠨᠠᠮ ᠤᠨ ᠲᠦᠷᠣ ᠶᠢᠨ ᠪᠤᠳᠤᠯᠭ᠎ᠠ ᠶᠢᠨ ᠤᠨᠤᠯ ᠢ ᠨᠡᠩ ᠰᠠᠶᠢᠳᠣᠷ ᠤᠯᠠᠮᠵᠢᠯᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠬᠥᠮᠦᠰ ᠤᠨ ᠰᠡᠳᠭᠢᠯ ᠳᠤ ᠭᠦᠨ ᠬᠠᠳᠡᠩᠰᠢᠭᠤᠯᠬᠤ ᠶᠢᠨ ᠲᠦᠯᠣᠭᠡ᠂ 9 ᠰᠠᠷ᠎ᠠ ᠶᠢᠨ 2 ᠤᠨ ᠦᠳᠡ ᠶᠢᠨ ᠬᠤᠶᠢᠨ᠎ᠠ᠂ ᠷᠡᠰᠢᠶᠠᠨ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠰᠤ᠋ ᠫᠧᠩ ᠯᠢ᠂ ᠲᠢᠶᠠᠨ ‍ᠣᠣᠢ ᠪᠠᠯᠭᠠᠰᠤᠨ ᠤ ᠷᠠᠰᠢᠶᠠᠨ ᠲᠣᠰᠬᠤᠨ ᠢᠶᠠᠷ ᠭᠦᠨᠵᠡᠭᠡᠶᠢᠷᠡᠨ ᠨᠠᠮ ᠤᠨ ᠬᠤᠷᠢᠳᠤᠭᠠᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠰᠠᠨ ᠪᠥᠭᠡᠳ ᠣᠳᠣᠬᠠᠨ ᠤ ᠲᠣᠰᠬᠤᠨ ᠤ ᠭᠤᠣᠯᠳᠠᠯᠭ᠎ᠠ ᠲᠠᠢ ᠠᠵᠢᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠵᠡᠢ᠃      ᠰᠦ᠋ ᠫᠧᠩ ᠯᠢ ᠬᠡᠯᠳᠡᠰ ᠤᠨ ᠲᠠᠷᠤᠭ᠎ᠠ ᠭᠦᠨᠵᠡᠭᠡᠢ ᠪᠥᠭᠡᠳ ᠣᠶᠢᠯᠠᠭᠠᠮᠵᠢᠲᠠᠢ ᠠᠷᠭ᠎ᠠ ᠬᠡᠯᠪᠡᠷᠢ ᠪᠠᠷ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠴᠢᠬᠤᠯᠠ ᠠᠴᠢ ᠬᠤᠯᠪᠣᠭᠳᠠᠯ᠂ ᠶᠡᠷᠦᠩᠬᠡᠢ ᠱᠦᠵᠢ ᠰᠢ ᠶᠢᠨ ᠫᠢᠩ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠬᠤ᠂ ︽ᠲᠣᠭᠲᠠᠭᠠᠯ︾ ᠳᠤ ᠳᠤᠷᠠᠳᠤᠭᠰᠠᠨ ᠥᠭᠡᠷᠡᠴᠢᠯᠡᠯᠲᠡ ᠶᠢ ᠤᠯᠠᠮ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠣᠨᠣᠪᠴᠢᠲᠠᠢ ᠣᠶᠢᠯᠠᠭᠠᠬᠤ ᠵᠡᠷᠭᠡ ᠭᠤᠷᠪᠡᠨ ᠲᠠᠯ᠎ᠠ ᠠᠴᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠢᠰᠲ᠋ᠧᠮ ᠲᠠᠢ ᠲᠣᠳᠣᠷᠬᠠᠶᠢᠯᠠᠨ ᠥᠭᠦᠯᠡᠪᠡ᠃      ᠰᠣ᠋ ᠫᠧᠩ ᠯᠢ᠂ ᠨᠢᠭᠡ ᠳᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠵᠤ᠂ ᠰᠠᠶᠢᠲᠤᠷ ᠤᠬᠠᠭᠤᠯᠵᠤ᠂ ᠰᠠᠶᠢᠲᠤᠷ ᠲᠤᠭᠤᠰᠢᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠮᠥᠨ᠂ ᠪᠥᠬᠦ ᠨᠠᠮ ᠤᠨ ᠭᠡᠰᠢᠭᠦᠨ ᠤᠷᠢᠳᠠᠪᠠᠷ ᠰᠤᠷᠤᠯᠴᠠᠵᠤ᠂ ᠭᠦᠨᠵᠡᠭᠡᠶ ᠰᠤᠷᠤᠯᠴᠠᠵᠤ᠂ ᠨᠠᠮ ᠤᠨ ᠡᠭᠦᠷ ᠤᠨ ᠱᠦᠵᠢ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠪᠠᠨ ᠭᠦᠢᠴᠡᠳ ᠪᠠᠳᠠᠷᠠᠭᠤᠯᠵᠤ᠂ ᠰᠠᠶᠢᠲᠤᠷ ᠲᠠᠶᠢᠴᠢᠯᠡᠨ ᠳᠠᠭᠠᠭᠤᠯᠵᠤ᠂ ᠥᠯᠢᠭᠡᠷ ᠳᠠᠭᠤᠷᠢᠶᠠᠯ ᠪᠣᠯᠬᠤ ᠬᠡᠷᠡᠭᠲᠡᠶ᠃ ᠬᠤᠶᠠᠷ ᠲᠤ᠂ ᠵᠥᠪ ᠤᠯᠤᠰ ᠲᠦᠷᠦ ᠶᠢᠨ ᠴᠢᠭᠯᠡᠯ ᠢ ᠡᠵᠡᠮᠳᠡᠬᠦ ᠬᠡᠷᠡᠭᠲᠡᠢ᠃ ᠥᠭᠡᠷᠡᠴᠢᠯᠡᠯᠲᠡᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠨ᠂ ᠥᠭᠡᠷᠡᠴᠢᠯᠡᠯᠲᠡᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠪᠦᠭᠦᠳᠡ ᠬᠤᠷᠠᠯ ᠤᠨ ᠲᠡᠦᠬᠡ ᠶᠢᠨ ᠯᠣᠭᠢᠭ᠂ ᠣᠨᠣᠯ ᠤᠨ ᠯᠣᠭᠢᠭ᠂ ᠦᠢᠯᠡᠳᠦᠯᠭᠡ ᠶᠢᠨ ᠯᠣᠭᠢᠭ ᠢ ᠪᠠᠲᠤ ᠡᠵᠡᠮᠰᠢᠵᠦ᠂ ᠪᠣᠳᠠᠲᠠᠢ ᠲᠠᠢ ᠨᠢᠭᠲᠠ ᠤᠶᠠᠯᠳᠤᠭᠤᠯᠵᠤ᠂ ᠰᠤᠷᠤᠯᠴᠠᠯᠭ᠎ᠠ ᠶᠢᠨ ᠬᠠᠨᠳᠤᠯᠭᠠᠲᠤ ᠴᠢᠨᠠᠷ ᠢᠶᠠᠨ ᠨᠡᠮᠡᠭᠳᠡᠭᠦᠯᠦᠨ᠂ ᠥᠭᠡᠷᠡᠴᠢᠯᠡᠯᠲᠡ ᠪᠡ ᠬᠥᠭᠵᠢᠯᠲᠡ ᠶᠢᠨ ᠦᠯᠢᠭᠡᠷ ᠢ ᠰᠠᠶᠢᠳᠣᠷ ᠶᠠᠷᠢᠵᠤ᠂ ᠬᠥᠮᠦᠰ ᠤᠨ ᠰᠡᠳᠬᠢᠯ ᠢ ᠨᠢᠭᠲᠠᠷᠠᠭᠤᠯᠤᠨ᠂ ᠢᠲᠡᠭᠡᠯ ᠵᠣᠷᠢᠭ ᠢᠶᠠᠨ ᠪᠠᠲᠤᠳᠬᠠᠬᠤ ᠭᠡᠷᠡᠭᠳᠡᠢ᠃ ᠭᠤᠷᠪᠠ ᠳᠤ᠂ ︽ᠤᠶᠠᠯᠳᠤᠭᠤᠯᠬᠤ︾ ᠠᠵᠢᠯ ᠢ ᠰᠠᠶᠢᠲᠤᠷ ᠬᠢᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠨ ᠲᠦᠮᠡᠨ ᠤ ᠲᠤᠰᠬᠠᠭᠰᠠᠨ ᠪᠣᠳᠠᠲᠠᠢ ᠠᠰᠠᠭᠤᠳᠠᠯ ᠲᠠᠢ ᠤᠶᠠᠯᠳᠤᠭᠤᠯᠵᠤ᠂ ᠨᠠᠮ ᠢ ᠴᠢᠩᠭ᠎ᠠ ᠵᠠᠰᠠᠬᠤ ᠶᠢ ᠠᠬᠢᠭᠤᠯᠬᠤ ᠲᠠᠢ ᠤᠶᠠᠯᠳᠤᠭᠤᠯᠵᠤ᠂ ᠷᠠᠰᠢᠶᠠᠨ ᠲᠣᠰᠬᠤᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠠᠢ ᠤᠶᠠᠯᠳᠤᠭᠤᠯᠵᠤ᠂ ᠬᠥᠭᠵᠢᠯᠲᠡ ᠶᠢᠨ ᠪᠠᠶᠢᠷᠢ ᠲᠣᠭᠲᠠᠭᠠᠯᠲᠠ ᠪᠠᠨ ᠲᠣᠳᠣᠷᠬᠠᠶᠢᠯᠠᠵᠤ᠂ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠠᠵᠢᠯ ᠢ ᠰᠠᠶᠢᠲᠤᠷ ᠬᠢᠵᠦ᠂ ᠲᠣᠰᠬᠤᠨ ᠤ ᠬᠠᠮᠲᠤ ᠶᠢᠨ ᠠᠵᠤ ᠠᠬᠤᠢ ᠶᠢ ᠲᠠᠰᠤᠷᠠᠯᠲᠠ ᠦᠭᠡᠢ ᠬᠥᠭᠵᠢᠭᠦᠯᠦᠨ ᠪᠤᠵᠠᠭᠠᠶᠢᠷᠠᠭᠤᠯᠵᠤ᠂ ᠲᠣᠰᠬᠤᠨ ᠤ ᠠᠷᠠᠳ ᠤᠨ ᠣᠷᠣᠯᠭ᠎ᠠ ᠶᠢ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ  ᠭᠡᠵᠣ ᠴᠢᠬᠤᠯᠠᠴᠢᠯᠠᠭᠰᠠᠨ ᠪᠠᠶᠢᠨ᠎ᠠ᠃      ᠳᠠᠷᠠᠭᠠᠴᠢ ᠶᠢᠨ ᠠᠯᠬᠤᠮ ᠳᠤ᠂ ᠷᠠᠰᠢᠶᠠᠨ ᠲᠣᠰᠬᠤᠨ ᠤ ᠨᠠᠮ ᠤᠨ ᠡᠭᠦᠷ ᠨᠠᠮ ᠤᠨ ᠬᠤᠷᠢᠳᠤᠭᠠᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠨ ᠠᠳᠬᠤᠬᠤ ᠶᠢ ᠪᠠᠷᠢᠮᠲᠠᠯᠠᠵᠤ᠂ ᠤᠯᠠᠨ ᠵᠦᠢᠯ ᠤᠨ ᠬᠡᠯᠪᠡᠷᠢ ᠶᠢᠨ ᠰᠤᠷᠤᠯᠴᠠᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠪᠦᠬᠦᠳᠡ ᠬᠤᠷᠠᠯ ᠤᠨ ᠭᠤᠣᠯ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠡᠪᠲᠡᠷᠬᠡᠢ ᠣᠶᠢᠯᠠᠭᠠᠵᠤ᠂ ᠦᠨᠡᠨ ᠬᠦ ᠲᠠᠷᠢᠬᠢ ᠲᠣᠯᠣᠭᠠᠢ ᠰᠡᠳᠬᠢᠯ ᠵᠢᠷᠦᠬᠡᠨ ᠳᠡᠭᠡᠨ ᠬᠠᠳᠠᠩᠰᠢᠭᠤᠯᠵᠤ᠂ ᠨᠡᠪᠲᠡᠷᠡᠲᠡᠯ᠎ᠡ ᠣᠶᠢᠯᠠᠭᠠᠬᠤ ᠶᠢ ᠪᠡᠶᠡᠯᠡᠭᠦᠯᠣᠨ᠎ᠠ᠃
 
ᠢᠷᠡᠯᠲᠡ᠄ ᠳᠤᠮᠳᠠᠳᠤ ᠤᠯᠤᠰ ᠤᠨ ᠤᠮᠠᠷᠠᠲᠤ ᠬᠢᠯᠢ ᠶᠢᠨ ᠭᠠᠶᠢᠬᠠᠮᠰᠢᠬᠳᠣ ᠲᠢᠶᠠᠨ ᡂᠢ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号