ᠷᠠᠰᠢᠶᠠᠨ ᠬᠤᠲᠠ ᠷᠡᠰᠢᠶᠠᠨ ᠪᠡ ᠢᠷᠪᠢᠰ ᠭᠠᠵᠠᠷ ᠣᠷᠣᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/9
     9 ᠰᠠᠷ᠎ᠠ ᠶᠢᠨ 6 ᠤ ᠡᠳᠦᠷ᠂ ᠷᠠᠰᠢᠶᠠᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠰᠢᠶᠣᠤ ᠬᠤᠸᠠᠨ ᠷᠠᠰᠢᠶᠠᠨ ᠬᠤᠲᠠ ᠶᠢᠨ ᠷᠡᠰᠢᠶᠠᠨ ᠪᠡ ᠢᠷᠪᠢᠰ ᠭᠠᠵᠠᠷ ᠣᠷᠣᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠡ᠃ ᠬᠤᠷᠡᠯ ᠲᠡᠭᠡᠷ᠎ᠡ᠂ ᠷᠠᠰᠢᠶᠠᠨ ᠬᠤᠲᠠ ᠶᠢᠨ ᠤᠳᠤᠷᠢᠳᠤᠯᠭ᠎ᠠ ᠸᠠᠩ ᠲᠢᠶᠠᠨ ᠹᠧᠩ᠂ ᠶᠠᠩ ᠪᠦᠦ ᠲᠢᠶᠠᠨ᠂  ᠭᠥᠸᠧ ᠴᠢᠩ᠂ ᠵᠧᠤ ᠵᠢᠶᠦ᠋ᠨ ᠫᠧᠩ᠂ ᠪᠠᠶ ᠰᠢᠤ ᠮᠧᠶ᠂ ᠸᠠᠩ ᠭᠦᠸᠧ ᠯᠢᠶᠠᠩ᠂ ᠹᠧᠩ ᠳ᠋ᠢᠶᠠᠨ ᠮᠢᠩ᠂ ᠦ᠋ ᠫᠸᠢ᠂ ᠴᠢᠶᠣᠤ ᠹᠧᠩ ᠯᠢᠨ᠂ ᠮᠦ ᠯᠢ ᠵᠢᠶᠦ᠋ᠨ ᠵᠢᠴᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠸᠧᠨᠴᠢᠤᠸᠠᠨ ᠵᠡᠭᠡᠯᠢ ᠵᠡᠷᠭᠡ ᠬᠠᠮᠢᠶ᠎ᠠ ᠪᠦᠬᠦᠢ ᠨᠢᠭᠡᠴᠢ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃      ᠬᠤᠷᠠᠯ ᠠᠴᠠ᠂ ᠬᠤᠯᠪᠣᠭᠳᠠᠯ ᠪᠦᠬᠦᠢ ᠪᠠᠯᠭᠠᠰᠤ ᠵᠡᠭᠡᠯᠢ ᠪᠠ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠪᠠᠨ ᠳᠡᠭᠡᠳᠦ ᠬᠡᠮᠵᠢᠶ᠎ᠡ ᠪᠠᠷ ᠨᠢᠭᠡᠳᠬᠡᠵᠦ᠂ ᠷᠡᠰᠢᠶᠠᠨ ᠪᠡ ᠢᠷᠪᠢᠰ ᠭᠠᠵᠠᠷ ᠣᠷᠣᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠪᠣᠯ ᠤᠯᠠᠨ ᠲᠦᠮᠡᠨ ᠳᠤ ᠦᠢᠯᠡᠴᠢᠯᠡᠬᠦ᠂ ᠤᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠶᠢ ᠬᠠᠮᠠᠭᠠᠯᠠᠬᠤ ᠶᠡᠭᠡ ᠶᠠᠪᠤᠳᠠᠯ᠂ ᠰᠠᠶᠢᠨ ᠶᠠᠪᠤᠳᠠᠯ ᠪᠣᠯᠬᠤ ᠶᠢ ᠭᠦᠢᠴᠡᠳ ᠲᠠᠨᠢᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠬᠤᠯᠪᠣᠭᠳᠠᠯ ᠪᠦᠬᠦᠢ ᠠᠵᠢᠯ ᠤᠨ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ᠷᠡᠰᠢᠶᠠᠨ ᠪᠡ ᠢᠷᠪᠢᠰ ᠭᠠᠵᠠᠷ ᠣᠷᠣᠨ ᠤ ︽ᠲᠦᠷᠢ ᠲᠦᠷᠬᠦ︾ ᠪᠠ ︽ᠠᠭᠤᠯᠤᠭᠳᠠᠬᠤᠨ︾ ᠢ ᠪᠦᠬᠦ ᠬᠦᠴᠦᠨ ᠢᠶᠠᠷ ᠢᠶᠠᠨ ᠳᠡᠭᠡᠭᠰᠢᠯᠡᠭᠦᠯᠬᠦ ᠬᠡᠷᠡᠭᠲᠡᠢ᠃ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠨᠠᠮᠤᠷ ᠡᠪᠦᠯ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ᠂ ᠲᠡᠷᠭᠡᠨ ᠤ ᠬᠥᠮᠥᠷᠭᠡ ᠶᠢ ᠪᠠᠶᠢᠭᠤᠯᠬᠤ ᠵᠡᠷᠭᠡ ᠠᠵᠢᠯ ᠢ ᠤᠷᠢᠳᠴᠢᠯᠠᠨ ᠲᠤᠬᠢᠷᠠᠭᠤᠯᠤᠨ ᠪᠠᠶᠢᠷᠢᠯᠠᠭᠤᠯᠵᠤ᠂ ᠨᠡᠩ ᠥᠨᠳᠥᠷ ᠪᠠᠷᠢᠮᠵᠢᠶ᠎ᠠ᠂ ᠨᠡᠩ ᠴᠢᠩᠭ᠎ᠠ ᠱᠠᠭᠠᠷᠳᠠᠯᠭ᠎ᠠ ᠪᠠᠷ ᠬᠤᠯᠪᠣᠭᠳᠠᠯ ᠪᠦᠬᠦᠢ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠲᠡᠷᠢᠭᠦᠨ ᠳᠤ ᠲᠠᠯᠪᠢᠨ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ ᠠᠵᠢᠯ ᠤᠨ ᠵᠣᠬᠢᠴᠠᠭᠤᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠠᠵᠢᠯ ᠤᠨ ᠶᠠᠪᠤᠴᠠ ᠪᠠᠨ ᠵᠢᠷᠤᠮᠵᠢᠭᠤᠯᠵᠤ᠂ ᠲᠠᠰ ᠳᠠᠷᠠᠭᠠᠯᠠᠯ ᠤᠨ ᠬᠠᠮᠢᠶᠠᠷᠤᠯᠲᠠ ᠪᠠᠨ ᠴᠢᠩᠳᠠᠯᠠᠵᠤ᠂ ᠥᠪᠡᠷ ᠤᠨ ᠪᠡᠶ᠎ᠡ ᠳᠡᠭᠡᠨ ᠳᠠᠷᠤᠯᠲᠠ ᠥᠭᠴᠦ᠂ ᠪᠥᠬᠦ ᠬᠦᠴᠦᠨ ᠢᠶᠠᠷ ᠢᠶᠠᠨ ᠠᠬᠢᠭᠤᠯᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ ᠭᠡᠵᠣ ᠴᠢᠬᠤᠯᠠᠴᠢᠯᠡᠵᠡᠢ᠃      ᠬᠤᠷᠠᠯ ᠠᠴᠠ ᠪᠠᠰᠠ ᠡᠯ᠎ᠡ ᠵᠦᠢᠯ ᠤᠨ ᠪᠣᠳᠠᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃
 
ᠢᠷᠡᠯᠲᠡ᠄ ᠷᠠᠰᠢᠶᠠᠨ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号