2025 ᠣᠨ ᠤ ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ᠂ ᠷᠠᠰᠢᠶᠠᠨ ᠬᠤᠳᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ | ᠱᠦᠵᠢ᠂ ᠡᠷᠬᠢᠯᠡᠭᠴᠢ ᠵᠤᠤ ᠳ᠋ᠧ ᠴᠢᠤᠸᠠᠨ ᠨᠠᠷ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠡᠮᠦᠨ᠎ᠡ | ᠹᠷᠣᠨᠲ ᠤᠨ ᠠᠵᠢᠯᠳᠠᠨ᠂ ᠴᠡᠷᠢᠭ ᠴᠠᠭᠳᠠᠭ᠎ᠠ ᠴᠡᠷᠢᠭ ᠠᠩᠬᠢ ᠶᠢᠨ ᠳᠠᠷᠤᠭ᠎ᠠ ᠪᠠᠶᠢᠯᠳᠤᠭᠴᠢ᠂ ᠬᠦᠴᠢᠷᠳᠡᠯᠲᠡᠢ ᠤᠯᠠᠨ | ᠲᠦᠮᠡᠨ ᠢ ᠲᠣᠬᠤᠨᠢᠭᠤᠯᠵᠤ᠂ ᠲᠡᠳᠡᠨ ᠳᠤ ᠨᠠᠮ ᠪᠣᠯᠤᠨ ᠵᠠᠰᠠᠭ ᠤᠨ ᠣᠷᠳᠣᠨ ᠤ ᠳᠣᠲᠣᠨᠣ ᠬᠠᠯᠠᠮᠵᠢᠯᠠᠯ ᠢ | ᠬᠦᠷᠭᠡᠭᠰᠡᠨ ᠪᠥᠭᠡᠳ ᠪᠠᠶᠠᠷ ᠤᠨ ᠡᠳᠦᠷ ᠤᠨ ᠰᠠᠶᠢᠨ ᠰᠠᠶᠢᠬᠠᠨ ᠵᠥᠩᠨᠡᠯ ᠳᠡᠪᠰᠢᠭᠦᠯᠵᠡᠢ᠃ ᠬᠤᠲᠠ ᠶᠢᠨ | ᠤᠳᠤᠷᠢᠳᠤᠯᠭ᠎ᠠ ᠶᠠᠨ ᠮᠤᠤ ᠯᠢᠨ᠂ ᠸᠠᠩ ᠭᠦᠸᠧ ᠯᠢᠶᠠᠩ᠂ ᠯᠢ ᠫᠧᠩ᠂ ᠣᠣᠢ ᠸᠧᠨ ᠵᠢᠴᠢ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠲᠣᠬᠤᠨᠢᠭᠤᠯᠬᠤ ᠠᠵᠢᠯᠯᠠᠭ᠎ᠠ ᠳᠤ ᠣᠷᠣᠯᠴᠠᠪᠠ᠃ | ᠬᠤᠳᠠ ᠶᠢᠨ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠷᠠᠰᠢᠶᠠᠨ ᠤ ᠬᠢᠯᠢ ᠪᠠᠷ ᠣᠷᠣᠵᠤ ᠭᠠᠷᠬᠤ | ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠦᠷᠳᠡᠭᠡ ᠳᠤ᠂ ᠵᠤᠤ ᠳ᠋ᠧ ᠴᠢᠤᠸᠠᠨ ᠴᠡᠷᠢᠭ ᠠᠩᠬᠢ ᠶᠢᠨ ᠪᠦᠳᠦᠭᠡᠨ | ᠪᠠᠶᠢᠭᠤᠯᠤᠯᠲᠠ᠂ ᠴᠡᠷᠢᠭ ᠤᠨ ᠶᠠᠪᠤᠳᠠᠯ ᠤᠨ ᠪᠣᠯᠪᠠᠰᠤᠷᠠᠯ᠂ ᠳᠠᠷᠤᠭ᠎ᠠ ᠪᠠᠶᠢᠯᠳᠤᠭᠴᠢᠳ ᠤᠨ ᠠᠮᠢᠳᠤᠷᠠᠯ ᠵᠡᠷᠭᠡ | ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠲᠡᠳᠡᠨ ᠤ ᠣᠷᠣᠨ ᠨᠤᠲᠤᠭ ᠤᠨ ᠠᠵᠤ ᠠᠬᠤᠢ ᠶᠢᠨ ᠪᠦᠳᠦᠭᠡᠨ | ᠪᠠᠶᠢᠭᠤᠯᠤᠯᠲᠠ ᠪᠣᠯᠤᠨ ᠠᠷᠠᠳ ᠲᠦᠮᠡᠨ ᠤ ᠡᠳ᠋ ᠬᠦᠷᠦᠩᠭᠡ ᠶᠢᠨ ᠠᠮᠤᠷ ᠲᠦᠪᠰᠢᠨ ᠢ ᠬᠠᠮᠠᠭᠠᠯᠠᠬᠤ ᠵᠡᠷᠭᠡ | ᠬᠦᠷᠢᠶᠡᠨ ᠳᠤ ᠦᠵᠡᠭᠦᠯᠦᠭᠰᠡᠨ ᠬᠤᠪᠢ ᠨᠡᠮᠡᠷᠢ ᠳᠤ ᠡᠷᠬᠢᠮ ᠳᠡᠭᠡᠳᠦ ᠬᠦᠨᠳᠦᠳᠬᠡᠯ ᠪᠣᠯᠤᠨ ᠴᠢᠩ ᠰᠡᠳᠬᠢᠯ ᠤᠨ | ᠲᠠᠯᠠᠷᠬᠠᠯ ᠢᠶᠠᠨ ᠳᠡᠪᠰᠢᠭᠦᠯᠵᠡᠢ᠃ | ᠷᠠᠰᠢᠶᠠᠨ ᠭᠠᠯᠲᠤ ᠲᠡᠷᠭᠡᠨ ᠥᠷᠲᠡᠭᠡ᠂ ᠲᠡᠮᠦᠷ ᠵᠠᠮ ᠤᠨ ᠲᠣᠮᠢᠯᠠᠭᠰᠠᠨ ᠰᠠᠯᠪᠤᠷᠢ ᠳᠤ᠂ ᠲᠣᠬᠤᠨᠢᠭᠤᠯᠬᠤ | ᠳᠤᠭᠤᠶᠢᠯᠠᠩ ᠴᠠᠭᠠᠨ ᠰᠠᠷ᠎ᠠ ᠶᠢᠨ ᠵᠥᠭᠡᠭᠡᠪᠦᠷᠢ ᠶᠢᠨ ᠬᠤᠭᠤᠴᠠᠭᠠᠨ ᠳᠠᠬᠢ ᠵᠠᠮ ᠲᠡᠭᠡᠭᠡᠪᠦᠷᠢ ᠶᠢᠨ ᠪᠠᠲᠤᠯᠠᠭ᠎ᠠ᠂ ᠠᠮᠤᠷ | ᠲᠦᠪᠰᠢᠨ ᠤ ᠪᠠᠲᠤᠯᠠᠭ᠎ᠠ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠰᠣᠷᠢᠯᠲᠠ ᠵᠡᠷᠭᠡ ᠪᠠᠶᠢᠳᠠᠯ ᠢ ᠨᠠᠷᠢᠨ | ᠠᠰᠠᠭᠤᠨ ᠯᠠᠪᠯᠠᠵᠤ᠂ ᠵᠣᠬᠢᠶᠠᠨ ᠪᠠᠶᠢᠭᠤᠯᠵᠤ ᠲᠣᠬᠢᠷᠠᠭᠤᠯᠬᠤ ᠪᠠᠨ ᠴᠢᠩᠭᠠᠳᠬᠠᠨ᠂ ᠵᠢᠵᠢᠭᠦᠷᠯᠡᠨ ᠰᠠᠬᠢᠬᠤ ᠪᠠᠨ | ᠴᠢᠩᠭᠠᠳᠬᠠᠵᠤ᠂ ᠲᠡᠭᠡᠭᠡᠪᠦᠷᠢ ᠶᠢᠨ ᠬᠦᠴᠦᠨ ᠤ ᠲᠣᠬᠢᠷᠠᠭᠤᠯᠤᠯᠲᠠ ᠶᠢ ᠬᠥᠳᠡᠯᠦᠩᠭᠦᠶ ᠪᠠᠷ ᠰᠢᠯᠢᠳᠡᠭᠵᠢᠭᠦᠯᠵᠦ᠂ | ᠴᠠᠭᠠᠨ ᠰᠠᠷ᠎ᠠ ᠶᠢᠨ ᠵᠥᠭᠡᠭᠡᠪᠦᠷᠢ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠬᠤ | ᠬᠡᠷᠡᠭᠲᠡᠶ᠃ ᠠᠶᠠᠨᠴᠢᠳ ᠲᠤ ᠠᠮᠤᠷ ᠲᠦᠪᠰᠢᠨ᠂ ᠰᠠᠭᠠᠳ ᠦᠭᠡᠢ᠂ ᠡᠮᠬᠢ ᠵᠢᠷᠤᠮ ᠲᠠᠢ ᠣᠷᠴᠢᠨ ᠲᠣᠭᠤᠷᠢᠨ ᠢ | ᠪᠦᠷᠢᠯᠳᠣᠬᠦᠯᠵᠤ᠂ ᠠᠶᠠᠨᠴᠢᠳ ᠲᠤ ᠪᠠᠶᠠᠷ ᠬᠥᠷ ᠲᠠᠢ ᠥᠯᠵᠡᠶ ᠪᠡᠯᠭᠡ ᠲᠠᠢ ᠪᠠᠶᠠᠷ ᠤᠨ ᠡᠳᠦᠷ ᠤᠨ ᠠᠭᠤᠷ | ᠠᠮᠢᠰᠬᠤᠯ ᠢ ᠪᠣᠢ ᠪᠣᠯᠭᠠᠨ᠎ᠠ ᠭᠡᠵᠦ ᠴᠢᠬᠤᠯᠠᠴᠢᠯᠠᠪᠠ᠃ | ᠳᠠᠷᠠᠭ᠎ᠠ ᠨᠢ᠂ ᠲᠣᠬᠤᠨᠢᠭᠤᠯᠬᠤ ᠳᠤᠭᠤᠶᠢᠯᠠᠩ ᠤᠨ ᠬᠢᠨ ᠴᠡᠷᠢᠭ ᠠᠴᠠ ᠬᠠᠯᠠᠭᠳᠠᠭᠰᠠᠳ᠂ ᠬᠦᠴᠢᠷᠳᠡᠯᠲᠡᠢ ᠤᠯᠠᠨ | ᠲᠦᠮᠡᠨ ᠤ ᠭᠡᠷ ᠢᠶᠠᠷ ᠬᠦᠷᠴᠦ᠂ ᠲᠡᠳᠡᠨ ᠲᠠᠢ ᠵᠣᠭᠤᠭ ᠳᠡᠯᠭᠡᠨ᠂ ᠪᠡᠶ᠎ᠡ ᠮᠠᠬᠠᠪᠣᠳ ᠤᠨ ᠪᠠᠶᠢᠳᠠᠯ ᠪᠣᠯᠤᠨ ᠭᠡᠷ | ᠪᠦᠯᠢ ᠶᠢᠨ ᠠᠮᠢᠳᠤᠷᠠᠯ ᠤᠨ ᠪᠠᠶᠢᠳᠠᠯ ᠢ ᠬᠠᠯᠠᠮᠵᠢᠯᠠᠨ ᠠᠰᠠᠭᠤᠵᠤ᠂ ᠰᠠᠶᠢᠨ ᠰᠠᠶᠢᠬᠠᠨ ᠠᠮᠢᠳᠤᠷᠠᠯ ᠤᠨ ᠪᠠᠶᠢᠳᠠᠯ ᠢᠶᠠᠨ | ᠪᠠᠲᠤᠯᠠᠬᠤ ᠶᠢ ᠵᠣᠷᠢᠭᠵᠢᠭᠤᠯᠪᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠨᠠᠮ ᠪᠣᠯᠤᠨ ᠵᠠᠰᠠᠭ ᠤᠨ | ᠣᠷᠳᠣᠨ ᠤ ᠬᠠᠶᠢᠷ᠎ᠠ ᠬᠠᠯᠠᠮᠵᠢ ᠶᠢ ᠬᠦᠷᠭᠡᠵᠦ᠂ ᠪᠠᠶᠠᠷ ᠪᠠᠶᠠᠰᠬᠤᠯᠠᠩ ᠲᠠᠢ ᠥᠯᠵᠡᠢ ᠪᠡᠯᠭᠡ ᠲᠠᠢ ᠴᠠᠭᠠᠨ ᠰᠠᠷ᠎ᠠ ᠪᠠᠨ | ᠥᠩᠭᠡᠷᠡᠭᠦᠯᠬᠦ ᠶᠢ ᠪᠠᠲᠤᠯᠠᠵᠤ᠂ ᠤᠯᠠᠨ ᠲᠦᠮᠡᠨ ᠳᠤ ᠨᠠᠮ ᠪᠣᠯᠤᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ | ᠦᠨᠡᠨ ᠬᠦ ᠬᠦᠷᠲᠡᠭᠡᠵᠣ ᠪᠠᠶᠢᠨ᠎ᠠ᠃ | |