ᠤᠶᠢᠷ᠎ᠠ ᠶᠢᠨ ᠡᠳᠦᠷ᠂ ᠷᠠᠰᠢᠶᠠᠨ ᠤ ᠶᠠᠷᠢᠶᠠᠨ ᠤ ᠲᠦᠪ ᠲᠤ ᠲᠤᠮᠤᠬᠲᠦ ᠷᠠᠰᠢᠶᠠᠨ ᠤ 2025 ᠤᠨ ᠤ | ᠰᠤᠶᠤᠯ ᠤᠷᠠᠯᠢᠭ ᠤᠨ ᠦᠳᠡᠰᠢᠯᠡᠭᠡ ᠨᠢᠵᠢᠬᠢᠷ ᠰᠠᠶᠢᠬᠠᠨ ᠶᠠᠪᠤᠬᠳᠠᠵᠦ᠂ ᠦᠵᠡᠭᠴᠢ ᠤᠯᠠᠨ ᠢᠶᠠᠨ ᠪᠠᠶᠠᠰᠬᠠᠵᠠᠢ᠃ | ᠦᠳᠡᠰᠢᠯᠡᠭᠡ ᠨᠢ ᠦᠪᠡᠷᠮᠢᠴᠡ ᠤᠨᠴᠠᠯᠢᠭ ᠲᠠᠢ ᠳᠠᠭᠤᠤ ᠪᠦᠵᠢᠭ ᠤᠨ ᠲᠤᠮᠳᠠ ᠬᠦᠰᠢᠭᠡ ᠪᠠᠨ ᠰᠡᠭᠦᠵᠦ᠂ ︽ | ᠴᠢᠮᠡᠭᠲᠦ ᠨᠤᠭᠤᠭᠠᠨ ᠬᠢᠨᠭ᠍ᠭᠠᠨ︾᠂ ︽ᠪᠠᠷᠠᠭᠤᠨ ᠵᠢᠷᠢᠮ ᠤᠨ ᠮᠠᠬᠳᠠᠭᠠᠯ︾᠂ ︽ᠬᠦᠳᠡᠭᠡ ᠲᠠᠯ᠎ᠠ ᠳᠤ ᠮᠦᠡᠭᠭᠡ ᠶᠢᠨ | ᠨᠠᠷᠠᠠ ᠮᠠᠨᠳᠤᠯ᠎ᠠ︾᠂ ︽ᠮᠤᠯᠢᠮᠠ︾ ᠵᠡᠷᠭᠡ ᠠᠯᠢ ᠤᠯᠠᠨ ᠤᠷᠠᠨ ᠰᠠᠶᠢᠬᠠᠨ ᠤ ᠲᠤᠬᠯᠠᠯᠲᠠ ᠲᠤᠮᠳᠠ ᠨᠢᠵᠢᠬᠢᠷ | ᠰᠠᠶᠢᠬᠠᠨ ᠶᠠᠪᠤᠬᠳᠠᠵᠦ᠂ ᠬᠤᠷᠠᠬᠰᠡᠨ ᠪᠦᠬᠦᠨ ᠤ ᠬᠠᠷᠠᠭ᠎ᠠ ᠰᠤᠨᠤᠷ ᠢ ᠪᠠᠶᠠᠰᠬᠠᠵᠦ᠂ ᠬᠠᠯᠠᠭᠤᠨ ᠠᠯᠠᠭ᠎ᠠ | ᠲᠠᠰᠢᠯᠲᠠ ᠶᠢᠨ ᠲᠤᠮᠳᠠ ᠢᠳᠡ ᠬᠦᠭ ᠲᠠᠢ ᠶᠠᠪᠤᠬᠳᠠᠬᠰᠠᠨ ᠪᠠᠶᠢᠨ᠎ᠠ᠃ | ᠲᠤᠰ ᠤᠳᠠᠭᠠᠨ ᠤ ᠦᠳᠡᠰᠢᠯᠡᠭᠡ ᠨᠢ ᠬᠤᠯᠠ ᠤᠶᠢᠷ᠎ᠠ ᠠᠴᠠ ᠬᠦᠷᠦᠯᠴᠡᠨ ᠢᠷᠡᠭᠰᠡᠨ ᠵᠤᠴᠢᠨ | ᠨᠠᠭᠠᠳᠦᠮᠴᠢᠳ ᠤᠨ ᠰᠤᠶᠤᠯ ᠤᠨ ᠠᠮᠢᠳᠦᠷᠠᠯ ᠢ ᠪᠠᠶᠠᠯᠢᠬᠵᠢᠭᠤᠯᠤᠬᠰᠠᠨ ᠪᠦᠭᠡᠳ ᠨᠡᠩ ᠤᠯᠠᠨ ᠵᠢᠭᠤᠯᠴᠢᠯᠠᠬᠴᠢᠳ | ᠲᠧ ᠲᠤᠮᠤᠬᠲᠦ ᠷᠠᠰᠢᠶᠠᠨ ᠤ ᠡᠪᠤᠯ ᠤᠨ ᠤᠯᠠᠷᠢᠯ ᠤᠨ ᠦᠪᠡᠷᠮᠢᠴᠡ ᠤᠨᠴᠠᠯᠢᠭ ᠢ ᠪᠠᠶᠠᠴᠢᠯᠡᠨ ᠤᠶᠢᠯᠠᠭᠠᠭᠤᠯᠤᠬᠰᠠᠨ | ᠪᠠᠶᠢᠨ᠎ᠠ᠃ | ︽ᠲᠤᠰ ᠤᠳᠠᠭᠠᠨ ᠤ ᠦᠳᠡᠰᠢᠯᠡᠭᠡ ᠶᠢ ᠰᠤᠨᠢᠷᠬᠠᠭᠠᠳ ᠰᠡᠳᠬᠢᠯ ᠮᠠᠰᠢ ᠲᠤᠬᠳᠤᠯᠵᠦ ᠪᠠᠶᠢᠨ᠎ᠠ᠂ ᠡ᠊ᠨᠳᠡᠬᠢ | ᠰᠤᠶᠤᠯ ᠤᠷᠠᠯᠢᠭ ᠤᠨ ᠲᠤᠬᠠᠢ ᠨᠡᠩ ᠢᠯᠡᠭᠦᠦ ᠤᠶᠢᠯᠠᠭᠠᠯᠲᠠ ᠲᠠᠢ ᠪᠤᠯᠵᠠᠢ᠂ ᠡᠭᠦᠨ ᠤ ᠬᠠᠮᠲᠦ ᠷᠠᠰᠢᠶᠠᠨ | ᠬᠤᠲᠠ ᠶᠢᠨ ᠦᠡᠭᠭᠡ ᠦᠵᠡᠮᠵᠢ ᠦᠨᠡᠭᠡᠷ ᠭᠤᠶᠤ ᠰᠠᠶᠢᠬᠠᠨ ᠪᠦᠭᠡᠳ ᠡ᠊ᠨᠳᠡᠬᠢ ᠪᠠᠶᠢᠭᠠᠯᠢ ᠤᠷᠴᠢᠨ ᠨᠢ ᠬᠦᠮᠦᠨ | ᠠᠷᠡᠳ ᠤᠨ ᠤᠷᠤᠰᠢᠨ ᠠᠮᠢᠳᠦᠷᠠᠬᠤ ᠳᠤ ᠤᠨᠴᠠ ᠶᠢᠨ ᠳᠠᠭᠠᠯᠠᠮᠵᠢᠲᠠᠢ ᠪᠠᠶᠢᠨ᠎ᠠ︾ ᠭᠡᠵᠦ ᠴᠠᠩᠴᠦ᠋ᠨ ᠬᠤᠲᠠ ᠶᠢᠨ | ᠵᠢᠭᠤᠯᠴᠢᠯᠠᠬᠴᠢ ᠸᠠᠩ ᠾᠤᠢ ᠬᠡᠯᠡᠵᠦ ᠪᠠᠶᠢᠯ᠎ᠠ᠃ |