1 ᠰᠠᠷ᠎ᠠ ᠶᠢᠨ 15 ᠤ ᠤᠷᠤᠢ᠂ ᠸᠠᠩ ᠪᠦᠭᠡ ᠡᠮᠴᠢ ᠰᠦᠨᠢ ᠪᠠᠷ ᠷᠠᠰᠢᠶᠠᠨ ᠬᠤᠲᠠ ᠳᠤ ᠬᠦᠷᠴᠦ ᠤᠯᠤᠰ ᠤᠨ | ᠲᠤᠳᠤᠭᠠᠲᠦ ᠭᠠᠳᠠᠭᠠᠲᠦ ᠶᠢᠨ ᠵᠢᠭᠤᠯᠴᠢᠯᠠᠬᠴᠢ ᠡᠪᠡᠳᠴᠢᠳᠠᠨ ᠳᠤ ᠡᠮᠴᠢᠯᠡᠭᠡ ᠬᠢᠪᠠ᠃ | ᠲᠤᠰ ᠤᠳᠠᠭᠠᠨ ᠤ ᠡᠮᠴᠢᠯᠡᠭᠡᠨ ᠳᠤ ᠯᠢᠶᠤᠤᠨᠢᠩ ᠮᠤᠵᠢ ᠶᠢᠨ ᠳ᠋ᠠᠨᠳᠦ᠋ᠡᠭ ᠬᠤᠲᠠ᠂ ᠬᠠᠷᠠᠮᠦ᠋ᠷᠡᠨ ᠮᠤᠵᠢ ᠶᠢᠨ ᠬᠠᠷᠪᠢᠨ | ᠬᠤᠲᠠ᠂ ᠬᠢᠨᠭ᠍ᠭᠠᠨ ᠠᠶᠢᠮᠠᠭ ᠵᠡᠷᠭᠡ ᠭᠠᠵᠠᠷ ᠤᠨ ᠵᠠᠭᠤ ᠭᠠᠷᠦᠢ ᠡᠪᠡᠳᠴᠢᠳᠠᠨ ᠳᠤ ᠤᠶᠢᠯᠡᠴᠢᠯᠡᠭᠡ ᠬᠢᠬᠦ ᠶᠢᠨ ᠬᠠᠮᠲᠦ | ᠤᠷᠤᠰ ᠤᠨ ᠬᠤᠷᠢ ᠭᠠᠷᠦᠢ ᠵᠢᠭᠤᠯᠴᠢᠯᠠᠬᠴᠢ ᠳᠤ ᠡᠮᠴᠢᠯᠡᠭᠡ ᠬᠢᠭᠰᠡᠨ ᠪᠠᠶᠢᠨ᠎ᠠ᠃ ᠸᠠᠩ ᠪᠦᠭᠡ ᠡᠮᠴᠢ ᠲᠤᠬᠠᠢ ᠶᠢᠨ | ᠲᠠᠯᠠᠪᠦᠷ ᠲᠤᠨᠢ ᠰᠤᠳᠠᠯ ᠪᠠᠷᠢᠵᠦ ᠤᠨᠤᠰᠢᠯᠠᠬᠤ ᠪᠠᠷ ᠳᠠᠮᠵᠢᠨ ᠵᠢᠭᠤᠯᠴᠢᠯᠬᠠᠴᠢᠳ ᠲᠤ ᠡᠮ ᠡᠮᠨᠡᠯᠭᠡ ᠶᠢᠨ ᠤᠶᠢᠯᠡᠴᠢᠯᠡᠭᠡ | ᠬᠠᠨᠭ᠍ᠭᠠᠵᠦ᠂ ᠴᠢᠰᠦᠨ ᠳᠠᠷᠦᠯᠲᠠ ᠦᠨᠳᠦᠷ᠂ ᠴᠢᠰᠦᠨ ᠰᠢᠬᠢᠷ ᠦᠨᠳᠦᠷ᠂ ᠡᠯᠢᠭᠡ ᠠᠭᠤᠰᠬᠢᠨ ᠦᠷᠪᠢᠰᠤᠯ ᠲᠠᠢ | ᠡᠪᠡᠳᠴᠢᠲᠡᠨ ᠳᠤ ᠵᠦᠢ ᠵᠤᠬᠢᠰᠲᠠᠢ ᠡᠮᠴᠢᠯᠡᠭᠡ ᠶᠢᠨ ᠰᠠᠨᠠᠭᠤᠯᠭ᠎ᠠ ᠦᠭᠴᠦ᠂ ᠪᠡᠶ᠎ᠠ ᠶᠢᠨ ᠪᠠᠶᠢᠳᠠᠯ ᠲᠠᠢ ᠪᠠᠨ ᠤᠶᠠᠯᠳᠤᠭᠤᠯᠦᠨ | ᠪᠡᠶ᠎ᠠ ᠪᠠᠨ ᠰᠤᠪᠢᠯᠠᠬᠤ ᠶᠢ ᠰᠠᠨᠠᠭᠠᠴᠢᠯᠠᠵᠠᠢ᠃ | ︽ᠪᠢᠳᠡ ᠨᠡᠶᠢᠲᠡᠮ ᠳᠡᠭᠡᠨ ᠸᠠᠩ ᠪᠦᠭᠡ ᠡᠮᠴᠢ ᠪᠠᠷ ᠰᠤᠳᠠᠯ ᠪᠠᠷᠢᠭᠤᠯᠵᠦ᠂ ᠡᠪᠡᠳᠴᠢᠨ ᠢᠶᠠᠨ ᠵᠠᠰᠠᠭᠤᠯᠵᠦ ᠢᠷᠡᠵᠠᠢ᠂ | ᠡᠨᠡ ᠤᠳᠠᠭ᠎ᠠ ᠸᠠᠩ ᠪᠦᠭᠡ ᠡᠮᠴᠢ ᠶᠢᠨ ᠷᠠᠰᠢᠶᠠᠨ ᠬᠤᠲᠠ ᠳᠤ ᠢᠷᠡᠬᠦ ᠴᠢᠮᠡᠭᠡ ᠶᠢ ᠰᠤᠨᠤᠰᠤᠭᠠᠳ ᠲᠤᠰᠬᠠᠶᠢᠯᠠᠨ ᠷᠠᠰᠢᠶᠠᠨ | ᠬᠤᠲᠠ ᠳᠤ ᠢᠷᠡᠵᠦ᠂ ᠪᠡᠶ᠎ᠠ ᠶᠢᠨ ᠪᠠᠶᠢᠳᠠᠯ ᠢᠶᠠᠨ ᠪᠠᠶᠢᠴᠠᠯᠭᠠᠵᠠᠢ᠃ ᠦᠡᠭᠭᠡᠷᠡᠭᠰᠡᠨ ᠳᠤ ᠪᠡᠶ᠎ᠠ ᠪᠠᠨ ᠪᠠᠶᠢᠴᠠᠭᠠᠳ ᠡᠮ | ᠤᠤᠭᠤᠭᠠᠳ ᠦᠨᠡᠭᠡᠷ ᠤᠶᠢᠯᠡᠳᠦᠯ ᠭᠠᠷᠴᠠᠢ᠂ ᠤᠳᠤᠬᠠᠨ ᠳᠤ ᠪᠦᠷ ᠬᠦᠷᠰᠢ ᠵᠡᠷᠭᠡᠯᠡᠳᠡᠭᠡ ᠠᠶᠢᠯ ᠢᠶᠠᠨ ᠬᠠᠪᠰᠦᠷᠦᠨ ᠠᠵᠢᠯ | ᠬᠢᠵᠦ ᠲᠡᠶᠢᠯᠬᠦ ᠪᠤᠯᠵᠠᠢ᠂ ᠸᠠᠩ ᠪᠦᠭᠡ ᠡᠮᠴᠢ ᠮᠢᠨᠦ ᠪᠡᠶ᠎ᠠ ᠶᠢ ᠠᠪᠤᠷᠠᠬᠰᠠᠨ ᠪᠠᠶᠢᠨ᠎ᠠ︾ ᠭᠡᠵᠦ ᠬᠠᠷᠠᠮᠦ᠋ᠷᠡᠨ ᠮᠤᠵᠢ ᠶᠢᠨ | ᠬᠠᠷᠪᠢᠨ ᠬᠤᠲᠠ ᠶᠢᠨ ᠡᠪᠡᠳᠴᠢᠳᠠᠨ ᠰᠡᠳᠬᠢᠯ ᠬᠦᠳᠡᠯᠦᠨ ᠶᠠᠷᠢᠵᠦ ᠪᠠᠶᠢᠯ᠎ᠠ᠃ | | |  ᠯᠢᠶᠠᠨ ᠪᠤᠤ ᠴᠡᠩᠭᠡᠯᠳᠤ ᠰᠡᠬᠦᠳᠡᠷᠯᠡᠨ ᠮᠡᠳᠡᠭᠡᠯᠡᠪᠡ | |