ᠦᠵᠡᠭᠴᠢ ᠲᠦᠮᠡᠨ ᠢᠶᠠᠨ ᠪᠠᠶᠠᠰᠬᠠᠬᠰᠠᠨ ᠮᠦᠰᠦ ᠴᠠᠰᠦᠨ ᠤ ᠨᠠᠶᠢᠷ ᠤᠬᠠᠭᠠᠨ ᠪᠢᠯᠢᠭ ᠢᠶᠠᠨ ᠰᠦᠢᠬᠰᠠᠨ ᠮᠦᠡᠭᠭᠦᠨ ᠡᠪᠤᠯ ᠤᠨ ᠨᠠᠭᠠᠳᠦᠮ — ᠬᠢᠨᠭ᠍ᠭᠠᠨ ᠠᠶᠢᠮᠠᠭ ᠤᠨ ᠲᠤᠮᠳᠠᠲᠦ ᠪᠠᠭ᠎ᠠ ᠰᠤᠷᠭᠠᠭᠤᠯᠢ ᠶᠢᠨ ᠮᠦᠰᠦ ᠴᠠᠰᠦᠨ ᠤ ​ᠪᠡᠶ᠎ᠠ ᠶᠢᠨ ᠲᠠᠮᠢᠷ ᠤᠨ ᠴᠤᠬᠯᠠᠭᠠᠨ ᠤ ᠲᠤᠬᠠᠢ ᠲᠠᠳᠠᠯᠠᠭ᠎ᠠ
ᠨᠡᠶᠢᠲᠡᠯᠡᠭᠰᠡᠨ ᠴᠠᠭ᠄
2025/1/21
      1 ᠰᠠᠷ᠎ᠠ ᠶᠢᠨ 14 ᠤ ᠡᠳᠦᠷ᠂ ᠬᠢᠨᠭ᠍ᠭᠠᠨ ᠠᠶᠢᠮᠠᠭ ᠤᠨ ᠰᠤᠷᠭᠠᠨ ᠬᠦᠮᠦᠵᠢᠯ ᠤᠨ ᠲᠤᠪᠴᠶᠶ᠎ᠠ᠂ ᠬᠢᠨᠭ᠍ᠭᠠᠨ ᠠᠶᠢᠮᠠᠭ ᠤᠨ ᠰᠤᠶᠤᠯ ᠵᠢᠭᠤᠯᠴᠢᠯᠡᠯ ᠪᠡᠶ᠎ᠠ  ᠶᠢᠨ ᠲᠠᠮᠢᠷ ᠤᠨ ᠲᠤᠪᠴᠶᠶ᠎ᠠ ᠠᠴᠠ ᠭᠤᠤᠯᠯᠠᠨ ᠡᠷᠬᠢᠯᠡᠵᠦ᠂ ᠷᠠᠰᠢᠶᠠᠨ ᠬᠤᠲᠠ ᠶᠢᠨ ᠰᠤᠷᠭᠠᠨ ᠬᠦᠮᠦᠵᠢᠯ ᠤᠨ ᠲᠤᠪᠴᠶᠶ᠎ᠠ᠂ ᠷᠠᠰᠢᠶᠠᠨ ᠬᠤᠲᠠ ᠶᠢᠨ ᠰᠤᠶᠤᠯ ᠵᠢᠭᠤᠯᠴᠢᠯᠡᠯ ᠪᠡᠶ᠎ᠠ  ᠶᠢᠨ ᠲᠠᠮᠢᠷ ᠤᠨ ᠲᠤᠪᠴᠶᠶ᠎ᠠ ᠠᠴᠠ ᠳᠠᠭᠠᠭᠠᠴᠢᠯᠡᠨ ᠡᠷᠬᠢᠯᠡᠭᠰᠡᠨ 2024 — 2025 ᠰᠤᠷᠤᠯᠭ᠎ᠠ ᠶᠢᠨ ᠬᠤᠭᠤᠴᠠᠭᠠᠨ ᠤ ᠬᠢᠨᠭ᠍ᠭᠠᠨ ᠠᠶᠢᠮᠠᠭ ᠤᠨ ᠲᠤᠮᠳᠠᠲᠦ ᠪᠠᠭ᠎ᠠ ᠰᠤᠷᠭᠠᠭᠤᠯᠢ ᠶᠢᠨ ᠮᠦᠰᠦ ᠴᠠᠰᠦᠨ ᠤ ᠪᠡᠶ᠎ᠠ  ᠶᠢᠨ ᠲᠠᠮᠢᠷ ᠤᠨ ᠴᠤᠬᠯᠠᠭᠠᠨ ᠷᠠᠰᠢᠶᠠᠨ ᠬᠤᠲᠠ ᠳᠤ ᠨᠢᠵᠢᠬᠢᠷ ᠰᠠᠶᠢᠬᠠᠨ ᠶᠠᠪᠤᠬᠳᠠᠪᠠ᠃      ᠡᠬᠢᠯᠠᠯᠲᠠ ᠶᠢᠨ ᠶᠤᠰᠤᠯᠠᠯ ᠨᠢ ᠲᠤᠬᠳᠠᠬᠰᠠᠨ ᠴᠠᠬ ᠲᠠᠭᠠᠨ ᠶᠠᠪᠤᠬᠳᠠᠵᠦ᠂ ᠪᠦᠬᠦ ᠠᠶᠢᠮᠠᠭ ᠤᠨ ᠡᠯ᠎ᠠ ᠬᠤᠰᠢᠭᠤ ᠰᠢᠶᠠᠨ ᠬᠤᠲᠠ ᠶᠢᠨ ᠲᠤᠮᠳᠠᠲᠦ ᠪᠠᠭ᠎ᠠ ᠰᠤᠷᠭᠠᠭᠤᠯᠢ ᠶᠢᠨ ᠲᠦᠯᠦᠭᠡᠯᠡᠭᠴᠢᠳ ᠤᠨ ᠠᠩᠬᠢ ᠲᠡᠷᠢ ᠲᠡᠭᠰᠢ᠂ ᠴᠤᠬ ᠵᠢᠪᠬᠤᠭ᠎ᠠ ᠲᠠᠢ ᠪᠠᠷ ᠲᠠᠮᠢᠷ ᠤᠨ ᠲᠠᠯᠠᠪᠠᠢ ᠳᠤ ᠮᠤᠷᠢᠯᠡᠨ ᠰᠠᠭᠠᠳᠠᠵᠦ᠂ ᠬᠢᠨᠭ᠍ᠭᠠᠨ ᠠᠶᠢᠮᠠᠭ ᠤᠨ ᠲᠤᠮᠳᠠᠲᠦ ᠪᠠᠭ᠎ᠠ ᠰᠤᠷᠭᠠᠭᠤᠯᠢ ᠶᠢᠨ ᠰᠤᠷᠤᠬᠴᠢᠳ ᠤᠨ ᠦᠭᠡᠳᠡᠯᠡᠨ ᠲᠠᠪᠰᠢᠬᠤ᠂ ᠴᠤᠬ ᠰᠦᠯᠳᠡ᠂ ᠡᠷᠡᠰ ᠰᠢᠭᠤᠷᠬᠠᠢ ᠵᠤᠷᠢᠬ ᠰᠠᠨᠠᠭ᠎ᠠ ᠲᠦᠷᠰᠦ ᠪᠠᠶᠢᠳᠠᠯ ᠢ ᠭᠦᠢᠴᠡᠳ ᠢᠯᠡᠷᠡᠭᠦᠯᠵᠠᠢ᠃ ᠶᠤᠰᠤᠯᠠᠯ ᠳᠤ᠂ ᠰᠤᠷᠤᠬᠴᠢᠳ ᠪᠠᠰᠠ ︽ᠡᠭᠡ ᠤᠯᠤᠰ︾ ᠭᠡᠬᠦ ᠳᠠᠭᠤᠤ ᠶᠢ ᠬᠠᠮᠲᠦ ᠪᠠᠷ ᠳᠠᠭᠤᠯᠠᠨ ᠡᠭᠡ ᠤᠯᠤᠰ ᠲᠠᠭᠠᠨ ᠬᠠᠶᠢᠷᠠᠳᠠᠢ ᠪᠠᠶᠢᠬᠤ ᠰᠡᠳᠬᠢᠯᠭᠡ ᠪᠠᠨ ᠢᠯᠡᠳᠭᠡᠵᠦ᠂ ᠲᠤᠬᠠᠢ ᠶᠢᠨ ᠲᠠᠯᠠᠪᠠᠢ ᠶᠢ ᠬᠦᠷ ᠬᠦᠭᠵᠢᠶᠠᠨ ᠢᠶᠠᠷ ᠪᠢᠯᠬᠠᠭᠤᠯᠵᠦ᠂ ᠦᠵᠡᠭᠴᠢ ᠤᠯᠠᠨ ᠤ ᠪᠠᠨ ᠬᠠᠯᠠᠭᠤᠨ ᠠᠯᠠᠭ᠎ᠠ ᠲᠠᠰᠢᠯᠲᠠ ᠶᠢ ᠬᠦᠷᠳᠡᠪᠠ       ᠲᠤᠰ ᠤᠳᠠᠭᠠᠨ ᠤ ᠪᠡᠶ᠎ᠠ  ᠶᠢᠨ ᠲᠠᠮᠢᠷ ᠤᠨ ᠴᠤᠬᠯᠠᠭᠠᠨ ᠨᠢ᠂ ᠮᠦᠰᠦ ᠴᠠᠰᠦᠨ ᠳᠤ ᠭᠤᠯᠭᠤᠬᠤ᠂ ᠳᠤᠷ᠎ᠠ ᠰᠤᠨᠢᠷᠬᠠᠯᠲᠦ ᠪᠡᠶ᠎ᠠ ᠶᠢᠨ ᠲᠠᠮᠢᠷ ᠤᠨ ᠤᠷᠤᠯᠳᠤᠭᠠᠨ᠂ ᠴᠠᠰᠦᠨ ᠪᠠᠷᠢᠯᠳᠤᠭᠠᠨ᠂ ᠴᠠᠰᠦᠲᠦ ᠭᠠᠵᠠᠷ ᠤᠨ ᠬᠦᠯ ᠪᠦᠮᠪᠦᠭᠡ ᠶᠢᠨ ᠤᠷᠤᠯᠳᠤᠭᠠᠨ ᠵᠡᠷᠭᠡ ᠡᠯᠪᠡᠭ ᠠᠭᠤᠯᠭ᠎ᠠ ᠲᠠᠢ ᠶᠠᠪᠤᠬᠳᠠᠵᠦ᠂ ᠠᠳᠠᠯᠢ ᠪᠤᠰᠤ ᠱᠠᠲᠦᠨ ᠤ ᠰᠤᠷᠤᠬᠴᠢᠳ ᠤᠨ ᠪᠡᠶ᠎ᠠ ᠶᠢᠨ ᠲᠠᠮᠢᠷ ᠤᠨ ᠬᠡᠷᠡᠭᠴᠡᠭᠡ ᠶᠢ ᠬᠠᠨᠭ᠍ᠭᠠᠵᠦ᠂ ᠲᠡᠳᠡᠨ ᠳᠤ ᠮᠦᠰᠦ ᠴᠠᠰᠦᠨ ᠤ ᠪᠠᠶᠠᠷ ᠪᠠᠭ᠋ᠠᠲᠦᠯ ᠢ ᠡᠳ᠋ᠯᠡᠭᠦᠯᠪᠠ᠃      ︽ᠲᠤᠰ ᠤᠳᠠᠭᠠᠨ ᠤ ᠤᠷᠤᠯᠳᠤᠭᠠᠨ ᠳᠤ ᠤᠷᠤᠯᠴᠠᠭᠠᠳ ᠮᠠᠨ ᠤ ᠬᠠᠮᠲᠦ ᠨᠦᠬᠦᠳ ᠤᠨ ᠬᠤᠭᠤᠷᠤᠨᠳᠤᠬᠢ ᠨᠦᠬᠦᠷᠰᠡᠭ ᠬᠠᠷᠢᠴᠠᠭ᠎ᠠ ᠶᠢ ᠨᠡᠮᠡᠭᠳᠡᠭᠦᠯᠦᠭᠰᠡᠨ ᠢᠶᠠᠷ ᠪᠠᠷᠠᠬᠤ ᠦᠭᠡᠢ ᠤᠷᠤᠯᠳᠤᠭᠠᠨ ᠤ ᠲᠠᠯᠠᠪᠠᠢ ᠳᠤ ᠲᠠᠮᠢᠷᠴᠢᠳ ᠤᠨ ᠰᠡᠳᠬᠢᠯ ᠨᠢᠭᠡᠳᠦᠨ ᠪᠦᠯᠬᠦᠮᠳᠡᠨ ᠨᠢᠬᠳᠠᠷᠠᠬᠤ ᠪᠠ ᠪᠦᠯᠬᠦᠮ ᠨᠠᠶᠢᠲᠠ ᠶᠢᠨ ᠬᠦᠴᠦᠨ ᠴᠢᠬᠤᠯᠠ ᠭᠡᠬᠦ ᠶᠤᠰᠤ ᠤᠴᠢᠷ ᠢ ᠨᠡᠩ ᠢᠯᠡᠭᠦᠦ ᠤᠶᠢᠯᠠᠭᠠᠵᠠᠢ︾ ᠭᠡᠵᠦ ᠤᠯᠠᠭᠠᠨᠬᠤᠲᠠ ᠬᠤᠶᠠᠳᠤᠭᠠᠷ ᠳᠤᠮᠳᠠᠲᠦ ᠰᠤᠷᠭᠠᠭᠤᠯᠢ ᠶᠢᠨ ᠳᠠᠮᠢᠷᠴᠢᠨ ᠫᠸᠡᠭ ᠸᠧᠢ ᠦᠪᠡᠷ ᠤᠨ ᠪᠤᠳᠤᠯ ᠢᠶᠠᠨ ᠶᠠᠷᠢᠵᠦ ᠪᠠᠶᠢᠯ᠎ᠠ᠃      ᠲᠤᠰ ᠤᠳᠠᠭᠠᠨ ᠤ ᠪᠡᠶ᠎ᠠ  ᠶᠢᠨ ᠲᠠᠮᠢᠷ ᠤᠨ ᠴᠤᠬᠯᠠᠭᠠᠨ ᠨᠢ ᠰᠤᠷᠤᠬᠴᠢᠳ ᠲᠤ ᠮᠦᠰᠦ ᠴᠠᠰᠦᠨ ᠤ ᠪᠠᠶᠠᠷ ᠪᠠᠶᠠᠰᠦᠯ ᠢ ᠪᠡᠶᠡᠴᠢᠯᠡᠨ ᠤᠶᠢᠯᠠᠭᠠᠭᠤᠯᠤᠬᠰᠠᠨ ᠢᠶᠠᠷ ᠪᠠᠷᠠᠬᠤ ᠦᠭᠡᠢ ᠬᠦᠴᠢᠷ ᠤᠨ ᠡᠮᠤᠨ᠎ᠠ ᠮᠠᠷᠠᠶᠢᠨ ᠴᠢᠷᠮᠠᠶᠢᠵᠤ ᠠᠮᠵᠢᠯᠲᠠ ᠤᠯᠬᠤ ᠢᠳᠡᠭᠡᠯ ᠵᠤᠷᠢᠬ ᠢ ᠨᠢ ᠬᠦᠪᠴᠢᠯᠡᠭᠰᠡᠨ ᠪᠠᠶᠢᠨ᠎ᠠ᠃
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号