2024 ᠣᠨ ᠤ ᠵᠢᠯ ᠤᠨ ᠡᠴᠣᠰ 2025 ᠣᠨ ᠤ ᠵᠢᠯ ᠤᠨ ᠡᠬᠢᠨ ᠤ ᠠᠮᠤᠷ ᠲᠦᠪᠰᠢᠨ ᠲᠣᠭᠲᠠᠭᠤᠨ ᠢ | ᠤᠯᠠᠮ ᠨᠢᠭᠡ ᠠᠯᠬᠤᠮ ᠪᠠᠲᠤᠯᠠᠬᠤ ᠶᠢᠨ ᠲᠥᠯᠥᠭᠡ᠂ 1 ᠰᠠᠷ᠎ᠠ ᠶᠢᠨ 22 ᠤᠨ ᠡᠳᠦᠷ᠂ ᠷᠡᠰᠢᠶᠠᠨ ᠬᠤᠳᠡ ᠶᠢᠨ ᠰᠢᠨ | ᠴᠧᠩ ᠵᠡᠭᠡᠯᠢ ᠶᠢᠨ ᠬᠢᠨ ᠠᠶᠤᠯᠭᠦᠶ ᠣᠶᠢᠯᠡᠳᠪᠦᠷᠢᠯᠡᠯ ᠵᠢᠴᠢ ᠭᠠᠯ ᠰᠠᠷᠭᠡᠶᠢᠯᠡᠨ ᠤᠨᠲᠠᠷᠠᠭᠠᠬᠤ ᠠᠮᠤᠷ ᠲᠦᠪᠰᠢᠨ ᠢ | ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ᠃ ᠲᠣᠰ ᠤᠳᠠᠭᠠᠨ ᠤ ᠠᠵᠢᠯᠯᠠᠭ᠎ᠠ ᠨᠢ | ᠫᠤᠤᠵᠢᠩ ᠤᠨ ᠲᠡᠯᠭᠡᠬᠦᠷ᠂ ᠲᠣᠰᠣ ᠨᠡᠮᠡᠬᠦ ᠥᠷᠲᠡᠭᠡ ᠵᠡᠷᠭᠡ ᠭᠤᠤᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ | ᠲᠥᠪᠯᠡᠷᠡᠭᠦᠯᠵᠦ᠂ ᠡᠯ᠎ᠡ ᠲᠥᠷᠥᠯ ᠤᠨ ᠠᠮᠤᠷ ᠲᠦᠪᠰᠢᠨ ᠤ ᠡ᠊ᠨᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠨ | ᠬᠤᠷᠢᠭᠯᠠᠬᠤ ᠶᠢᠨ ᠲᠥᠯᠥᠭᠡ ᠶᠤᠮ᠃ | ᠲᠣᠰ ᠤᠳᠠᠭᠠᠨ ᠤ ᠠᠵᠢᠯᠯᠠᠭ᠎ᠠ ᠪᠠᠷ ᠳᠡᠮᠵᠢᠨ᠂ ᠨᠡᠶᠢᠲᠡ 5 ᠠᠮᠤᠷ ᠲᠦᠪᠰᠢᠨ ᠤ ᠳᠠᠯᠳᠠ ᠬᠡᠮ ᠢ | ᠢᠯᠡᠷᠡᠭᠦᠯᠦᠭᠰᠡᠨ ᠪᠠᠶᠢᠨ᠎ᠠ᠃ ᠡᠲᠡᠭᠡᠷ ᠠᠰᠠᠭᠤᠳᠠᠯ ᠳᠤ ᠴᠢᠭᠯᠡᠭᠦᠯᠦᠨ᠂ ᠬᠤᠶᠠᠷ ᠨᠡᠶᠢᠭᠡᠮ ᠲᠣᠭᠤᠷᠢᠭ ᠤᠨ ᠠᠵᠢᠯ ᠤᠨ | ᠥᠷᠲᠡᠭᠡ ᠲᠣᠭᠤᠷᠢᠨ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠴᠡᠭᠴᠡᠯᠡᠨ | ᠰᠠᠶᠢᠵᠢᠷᠠᠭᠤᠯᠤᠭᠰᠠᠨ ᠪᠠᠶᠢᠳᠠᠯ ᠢ ᠮᠥᠷᠳᠡᠵᠦ᠂ ᠳᠠᠯᠳᠠ ᠬᠡᠮ ᠨᠢᠭᠡᠪᠦᠷᠢ ᠶᠢ ᠴᠠᠭ ᠲᠤᠬᠠᠶ ᠳᠤᠨᠢ ᠪᠦᠲᠦᠮᠵᠢᠲᠡᠶ | ᠰᠢᠢᠳᠪᠦᠷᠢᠯᠡᠬᠦ ᠶᠢ ᠦᠨᠡᠨ ᠬᠦ ᠪᠠᠲᠤᠯᠠᠵᠡᠢ᠃ ᠡᠭᠦᠨ ᠤ ᠬᠠᠮᠲᠤ᠂ ᠵᠡᠭᠡᠯᠢ ᠭᠤᠳᠤᠮᠵᠢ ᠪᠠᠰᠠ ᠤᠬᠠᠭᠤᠯᠭ᠎ᠠ ᠶᠢᠨ | ᠡᠷᠴᠢᠮ ᠢᠶᠠᠨ ᠴᠢᠩᠭᠠᠷᠠᠭᠤᠯᠵᠤ᠂ ᠬᠠᠷᠢᠶ᠎ᠠ ᠣᠷᠣᠨ ᠤ ︽ᠶᠢᠰᠦᠨ ᠪᠠᠭ᠎ᠠ︾ ᠲᠠᠯᠠᠪᠤᠷ ᠭᠠᠵᠠᠷ ᠤᠨ | ᠠᠵᠢᠯᠯᠠᠭᠴᠢᠳ ᠤᠨ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠦᠨ᠂ ᠲᠡᠳᠡᠨ ᠢ ᠵᠢᠯᠣᠭᠤᠳᠴᠤ ᠪᠠᠶᠢᠭᠠᠳ | ᠳᠠᠯᠳᠠ ᠬᠡᠮ ᠢ ᠵᠢᠭᠰᠠᠭᠠᠨ ᠪᠠᠶᠢᠴᠠᠭᠠᠬᠤ ᠠᠵᠢᠯ ᠳᠤ ᠢᠳᠡᠪᠬᠢᠲᠡᠶ ᠣᠷᠣᠯᠴᠠᠭᠤᠯᠵᠤ᠂ ᠬᠠᠷᠢᠶ᠎ᠠ ᠣᠷᠣᠨ ᠤ ᠭᠠᠯ | ᠤᠨᠲᠠᠷᠠᠭᠠᠬᠤ ᠠᠮᠤᠷ ᠲᠦᠪᠰᠢᠨ ᠢ ᠬᠠᠮᠲᠤᠪᠠᠷ ᠬᠠᠮᠠᠭᠠᠯᠠᠵᠡᠢ᠃ | ᠰᠢᠨ ᠴᠧᠩ ᠵᠡᠭᠡᠯᠢ ᠲᠣᠰ ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠠᠶᠤᠯᠭᠦᠶ | ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠠᠶᠤᠯᠭᠦᠶ | ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠬᠠᠷᠢᠶ᠎ᠠ ᠣᠷᠣᠨ ᠤ ᠠᠶᠤᠯᠭᠦᠶ | ᠦᠢᠯᠡᠳᠪᠦᠷᠢᠯᠡᠯ ᠤᠨ ᠲᠣᠭᠲᠠᠭᠤᠨ ᠪᠠᠶᠢᠳᠡᠯ ᠢ ᠦᠨᠡᠨ ᠬᠦ ᠪᠠᠲᠤᠯᠠᠨ᠎ᠠ᠃ ᠰᠢᠨ ᠴᠧᠩ ᠵᠡᠭᠡᠯᠢ ᠶᠢᠨ ᠬᠢᠨ ᠰᠠᠭᠤᠭᠠᠯᠢ | ᠠᠷᠠᠳ ᠲᠤ ᠠᠮᠤᠷ ᠠᠮᠤᠭᠤᠯᠠᠩ ᠡᠶ᠎ᠡ ᠵᠣᠬᠢᠴᠠᠯ ᠲᠠᠢ ᠠᠮᠢᠳᠤᠷᠠᠯ ᠤᠨ ᠣᠷᠴᠢᠨ ᠨᠥᠬᠦᠴᠡᠯ ᠢ ᠪᠣᠶ ᠪᠣᠯᠭᠠᠵᠤ᠂ | ᠰᠠᠭᠤᠭᠠᠯᠢ ᠠᠷᠠᠳ ᠲᠤ ᠨᠠᠩ ᠠᠮᠤᠷ ᠲᠦᠪᠰᠢᠨ᠂ ᠰᠠᠨᠠᠭ᠎ᠠ ᠠᠮᠤᠷ ᠠᠮᠢᠳᠤᠷᠠᠯ ᠤᠨ ᠣᠷᠴᠢᠨ ᠨᠥᠬᠦᠴᠡᠯ ᠢ | ᠡᠳ᠋ᠯᠡᠭᠦᠯᠤᠨᠠ᠃ |