ᠾᠧ ᠪᠢᠨ ᠨᠡᠶᠢᠭᠡᠮ ᠲᠣᠭᠤᠷᠢᠭ ᠠᠷᠠᠳ ᠤᠨ ᠴᠠᠭᠳᠠᠭ᠎ᠠ ᠲᠠᠢ ᠶᠠᠷᠢᠯᠴᠠᠬᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/1/23
    ᠨᠡᠶᠢᠭᠡᠮ ᠲᠣᠭᠤᠷᠢᠭ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠰᠠᠭᠤᠭᠠᠯᠢ ᠠᠷᠠᠳ ᠤᠨ ᠠᠮᠤᠷ ᠲᠦᠪᠰᠢᠨ ᠤ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠥᠯᠥᠭᠡ᠂ 1 ᠰᠠᠷ᠎ᠠ ᠶᠢᠨ 22 ᠤᠨ ᠡᠳᠦᠷ᠂ ᠷᠡᠰᠢᠶᠠᠨ ᠬᠤᠳᠡ ᠶᠢᠨ ᠾᠧ ᠪᠢᠨ ᠨᠡᠶᠢᠭᠡᠮ ᠲᠣᠭᠤᠷᠢᠭ ᠠᠷᠠᠳ ᠤᠨ ᠴᠠᠭᠳᠠᠭ᠎ᠠ ᠲᠠᠢ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠃ ᠨᠡᠶᠢᠭᠡᠮ ᠲᠣᠭᠤᠷᠢᠭ ᠤᠨ ᠠᠷᠠᠳ ᠤᠨ ᠴᠠᠭᠳᠠᠭ᠎ᠠ᠂ ᠨᠡᠶᠢᠭᠡᠮ ᠲᠣᠭᠤᠷᠢᠭ ᠤᠨ ᠠᠵᠢᠯᠳᠠᠨ 10 ᠭᠠᠷᠤᠢ ᠬᠥᠮᠦᠨ ᠬᠤᠷᠠᠯ ᠳᠤ ᠣᠷᠣᠯᠴᠠᠪᠠ᠃    ᠬᠤᠷᠠᠯ ᠳᠡᠭᠡᠷ᠎ᠡ᠂ ᠨᠡᠶᠢᠭᠡᠮ ᠲᠣᠭᠤᠷᠢᠭ ᠤᠨ ᠱᠦᠵᠢ ᠡᠩ ᠲᠠᠷᠢᠬᠦᠨ ᠳᠤ ᠨᠡᠶᠢᠭᠡᠮ ᠲᠣᠭᠤᠷᠢᠭ ᠤᠨ ᠠᠮᠤᠷ ᠢ ᠬᠠᠮᠠᠭᠠᠯᠠᠬᠤ ᠪᠠᠶᠢᠳᠠᠯ᠂ ᠨᠡᠶᠢᠭᠡᠮ ᠲᠣᠭᠤᠷᠢᠭ ᠤᠨ ᠠᠮᠤᠷ ᠢ ᠬᠠᠮᠠᠭᠠᠯᠠᠬᠤ ᠠᠵᠢᠯ ᠳᠤ ᠲᠤᠯᠭᠠᠷᠠᠵᠤ ᠪᠠᠶᠢᠭ᠎ᠠ ᠰᠢᠨ᠎ᠡ ᠠᠰᠠᠭᠤᠳᠠᠯ᠂ ᠰᠢᠨ᠎ᠡ ᠥᠷᠢᠰᠥᠯᠳᠦᠭᠡᠨ ᠢ ᠲᠠᠨᠢᠯᠴᠠᠭᠤᠯᠪᠠ᠃ ᠲᠠᠷᠠᠭ᠎ᠠ ᠨᠢ᠂ ᠤᠯᠠᠨ ᠢᠶᠠᠷ ᠢᠶᠠᠨ ᠮᠡᠳᠡᠭᠡ ᠵᠠᠩᠭᠢ ᠶᠢ ᠵᠡᠷᠭᠡ ᠪᠠᠷ ᠠᠰᠢᠬᠯᠠᠵᠣ ᠪᠠᠶᠢᠭ᠎ᠠ ᠪᠠᠶᠢᠳᠠᠯ ᠢ ᠭᠦᠨᠵᠡᠭᠡᠢ ᠰᠤᠳᠤᠯᠤᠨ ᠶᠠᠷᠢᠯᠴᠠᠪᠠ᠃ ᠡᠴᠣᠰ ᠲᠤᠨᠢ᠂ ᠨᠡᠶᠢᠭᠡᠮ ᠲᠣᠭᠤᠷᠢᠭ ᠤᠨ ᠱᠦᠵᠢ ᠲᠣᠰ ᠤᠳᠠᠭᠠᠨ ᠤ ᠶᠠᠷᠢᠯᠴᠠᠬᠤ ᠬᠤᠷᠠᠯ ᠢ ᠳ᠋ᠦᠩᠨᠡᠵᠦ᠂ ᠨᠡᠶᠢᠭᠡᠮ ᠲᠣᠭᠤᠷᠢᠭ ᠤᠨ ᠠᠮᠤᠷ ᠲᠦᠪᠰᠢᠨ ᠢ ᠬᠠᠮᠠᠭᠠᠯᠠᠬᠤ ᠳᠤ ᠰᠠᠭᠤᠭᠠᠯᠢ ᠠᠷᠠᠳ ᠨᠢᠭᠡᠪᠦᠷᠢ ᠶᠢᠨ ᠲᠣᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠪᠣᠯᠬᠤᠷ ᠣᠯᠠᠨ ᠢᠶᠠᠷ ᠢᠶᠠᠨ ᠭᠠᠷ ᠬᠤᠯᠪᠣᠨ ᠬᠠᠮᠲᠤ ᠪᠠᠷ ᠤᠷᠤᠭᠰᠢᠯᠠᠵᠤ᠂ ᠨᠡᠶᠢᠭᠡᠮ ᠲᠣᠭᠤᠷᠢᠭ ᠤᠨ ᠠᠮᠤᠷ ᠢ ᠬᠠᠮᠠᠭᠠᠯᠠᠬᠤ ᠶᠡᠷᠦᠩᠬᠡᠢ ᠵᠠᠰᠠᠯᠲᠠ ᠳᠤ ᠢᠳᠡᠪᠬᠢᠲᠡᠶ ᠣᠷᠣᠯᠴᠠᠬᠤ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃ ᠠᠷᠠᠳ ᠤᠨ ᠴᠠᠭᠳᠠᠭ᠎ᠠ ᠪᠠᠰᠠ ᠴᠠᠭᠳᠠᠨ ᠲᠣᠭᠤᠷᠢᠵᠤ ᠰᠡᠷᠭᠡᠶᠢᠯᠡᠨ ᠡᠵᠡᠮᠳᠡᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠨᠡᠶᠢᠭᠡᠮ ᠲᠣᠭᠤᠷᠢᠭ ᠯᠤᠭ᠎ᠠ ᠶᠢᠨ ᠬᠠᠮᠵᠢᠯᠴᠠᠭ᠎ᠠ ᠪᠠᠨ ᠴᠢᠩᠭᠠᠳᠬᠠᠵᠤ᠂ ᠠᠮᠤᠷ ᠠᠮᠤᠭᠤᠯᠠᠩ ᠡᠶ᠎ᠡ ᠵᠣᠬᠢᠴᠠᠯ ᠲᠠᠢ ᠨᠡᠶᠢᠭᠡᠮ ᠲᠣᠭᠤᠷᠢᠭ ᠢ ᠬᠠᠮᠲᠤᠪᠠᠷ ᠪᠠᠶᠢᠭᠤᠯᠤᠨ᠎ᠠ ᠭᠡᠵᠦ ᠠᠮᠠᠯᠳᠠᠪᠠ᠃    ᠲᠣᠰ ᠤᠳᠠᠭᠠᠨ ᠤ ᠶᠠᠷᠢᠯᠴᠠᠬᠤ ᠬᠤᠷᠠᠯ ᠳᠤ ᠨᠡᠶᠢᠭᠡᠮ ᠲᠣᠭᠤᠷᠢᠭ ᠤᠨ ᠠᠷᠠᠳ ᠤᠨ ᠴᠠᠭᠳᠠᠭ᠎ᠠ ᠪᠣᠯᠤᠨ ᠰᠠᠭᠤᠭᠠᠯᠢ ᠠᠷᠠᠳ ᠤᠨ ᠬᠤᠭᠤᠷᠣᠨᠳᠣᠬᠢ ᠣᠶᠢᠯᠠᠭᠠᠯᠴᠠᠭ᠎ᠠ ᠪᠠ ᠢᠲᠡᠭᠡᠯᠴᠡᠭᠡ ᠪᠠᠨ ᠨᠡᠮᠡᠭᠳᠡᠭᠦᠯᠵᠦ᠂ ᠨᠡᠶᠢᠭᠡᠮ ᠲᠣᠭᠤᠷᠢᠭ ᠤᠨ ᠠᠮᠤᠷ ᠲᠦᠪᠰᠢᠨ ᠲᠣᠭᠲᠠᠭᠤᠨ ᠪᠠᠶᠢᠳᠠᠯ ᠢ ᠬᠠᠮᠠᠭᠠᠯᠠᠬᠤ ᠳᠤ ᠪᠠᠲᠤ ᠪᠠᠬᠢ ᠰᠠᠭᠤᠷᠢ ᠶᠢ ᠲᠠᠯᠪᠢᠵᠡᠢ᠃   
 
ᠢᠷᠡᠯᠲᠡ᠄ ᠷᠡᠰᠢᠶᠠᠨ ᠬᠤᠲᠠ ᠶᠢᠨ ᠸᠧᠨᠴᠢᠣᠸᠠᠨ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号