ᠦᠭᠡᠷᠡᠴᠢᠯᠡᠯᠳᠠ ᠶᠢ ᠬᠦᠨᠵᠡᠭᠡᠶᠢᠷᠡᠬᠦᠯᠬᠦ ︽ᠤᠷᠠᠨ ᠪᠢᠷ︾ ᠢᠶᠠᠷ ᠬᠦᠭᠵᠢᠯᠳᠠ ᠶᠢᠨ ᠰᠢᠨ᠎ᠠ ᠬᠠᠭᠤᠳᠠᠰᠤ ᠶᠢ ᠵᠢᠷᠤᠭᠯᠠᠨ᠎ᠠ
ᠨᠡᠶᠢᠲᠡᠯᠡᠭᠰᠡᠨ ᠴᠠᠭ᠄
2025/1/23
      ᠬᠢᠩᠭᠠᠨ ᠠᠶᠢᠮᠠᠭ ᠤᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠲᠡᠳ᠋ ᠡᠷᠬᠢᠯᠡᠭᠴᠢ ᠷᠠᠰᠢᠶᠠᠨ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠶᠠᠩ ᠶᠦᠩ ᠵᠢᠣ᠄      ᠦᠭᠡᠷᠡᠴᠢᠯᠡᠯᠳᠠ ᠶᠢ ᠬᠦᠨᠵᠡᠭᠡᠶᠢᠷᠡᠬᠦᠯᠬᠦ ︽ᠤᠷᠠᠨ ᠪᠢᠷ︾ ᠢᠶᠠᠷ ᠬᠦᠭᠵᠢᠯᠳᠠ ᠶᠢᠨ ᠰᠢᠨ᠎ᠠ ᠬᠠᠭᠤᠳᠠᠰᠤ ᠶᠢ ᠵᠢᠷᠤᠭᠯᠠᠨ᠎ᠠ                     ᠦᠪᠤᠷ ᠮᠤᠩᠭᠤᠯ ᠤᠨ ᠡᠳᠤᠷ ᠤᠨ ᠰᠤᠨᠢᠨ ᠤ ᠰᠤᠷᠪᠤᠯᠵᠢᠯᠠᠭᠴᠢ ᠰᠢᠥᠢ ᠶᠤᠸᠠᠢ      ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠥᠬᠦᠳᠡ ᠬᠤᠷᠠᠯ ᠠᠴᠠ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠦᠷᠢᠶ᠎ᠠ ᠶᠢ ᠬᠠᠩᠭᠢᠨᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠪᠦᠬᠦ ᠦᠵᠡᠮᠵᠢ ᠶᠢᠨ ᠵᠢᠷᠤᠭ ᠢ ᠵᠢᠷᠤᠭᠯᠠᠪᠠ᠃ ᠬᠢᠩᠭᠠᠨ ᠠᠶᠢᠮᠠᠭ ᠤᠨ ᠷᠠᠰᠢᠶᠠᠨ ᠬᠤᠳᠠ ᠶᠢᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠰᠢᠨ᠎ᠠ ᠦᠵᠡᠯ ᠰᠠᠨᠠᠭ᠎ᠠ᠂ ᠰᠢᠨ᠎ᠠ ᠦᠵᠡᠯᠲᠡ᠂ ᠰᠢᠨ᠎ᠠ ᠨᠤᠲᠠᠯᠠᠯᠲᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ᠂ ᠶᠢᠰᠦᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ᠂ ︽ᠵᠢᠷᠭᠤᠭᠠᠨ ᠠᠵᠢᠯᠯᠠᠭ᠎ᠠ ︾ ᠶᠢ ᠥᠷᠨᠢᠭᠦᠯᠬᠦ ᠵᠡᠷᠭᠡ ᠴᠢᠭᠯᠡᠯᠲᠦ ᠴᠢᠨᠠᠷᠲᠠᠢ᠂ ᠪᠦᠬᠦ ᠲᠠᠯ᠎ᠠ ᠶᠢᠨ ᠴᠢᠨᠠᠷᠲᠠᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠷᠠᠰᠢᠶᠠᠨ ᠬᠤᠳᠠ ᠶᠢᠨ ᠪᠣᠳᠠᠲᠤ ᠪᠠᠶᠢᠳᠠᠯ ᠲᠠᠢ ᠭᠦᠢᠴᠡᠳ ᠤᠶᠠᠯᠳᠤᠭᠤᠯᠵᠤ᠂ ᠭᠤᠣᠯᠳᠠᠯᠠᠭ᠎ᠠ ᠲᠠᠢ ᠣᠨᠴᠠᠯᠢᠭᠲᠤ ᠥᠭᠡᠷᠡᠴᠢᠯᠡᠯᠲᠡ ᠶᠢᠨ ᠵᠦᠢᠯᠡᠰ ᠢ ᠲᠣᠳᠣᠷᠬᠠᠶᠢᠯᠠᠵᠤ᠂ ︽ᠭᠤᠷᠪᠠ ᠳᠤ ᠠᠩᠬᠠᠷᠤᠯ ᠢᠶᠠᠨ ᠲᠥᠪᠯᠡᠷᠡᠭᠦᠯᠬᠦ︾ ᠪᠠᠷ ᠭᠤᠣᠯᠳᠠᠯᠠᠭ᠎ᠠ ᠲᠠᠢ ᠰᠢᠪᠲᠤᠯᠤᠯᠲᠠ ᠬᠢᠵᠦ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠰᠢᠨ᠎ᠠ ᠬᠠᠭᠤᠳᠠᠰᠤ ᠶᠢ ᠰᠡᠳᠬᠢᠯ ᠲᠠᠯᠪᠢᠨ ᠬᠦᠴᠦ ᠣᠷᠣᠭᠤᠯᠵᠤ ᠰᠠᠶᠢᠲᠤᠷ ᠪᠢᠴᠢᠭᠯᠡᠪᠡ᠃ ᠣᠶᠢᠷ᠎ᠡ ᠳᠤ᠂ ᠰᠤᠷᠪᠤᠯᠵᠢᠯᠠᠭᠴᠢ ᠬᠢᠩᠭᠠᠨ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠳᠡᠳ᠋ ᠡᠷᠬᠢᠯᠡᠭᠴᠢ᠂ ᠷᠠᠰᠢᠶᠠᠨ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠶᠠᠩ ᠶᠦᠩ ᠵᠢᠦ ᠶᠢ ᠰᠤᠷᠪᠤᠯᠵᠢᠯᠠᠪᠠ᠃      ᠥᠪᠥᠷ ᠮᠣᠩᠭᠤᠯ ᠤᠨ ᠡᠳᠦᠷ ᠤᠨ ᠰᠣᠨᠢᠨ᠄ ᠬᠡᠷᠬᠢᠨ ᠠᠵᠤ ᠠᠬᠤᠢ ᠶᠢᠨ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠦᠨ ᠥᠭᠡᠷᠡᠴᠢᠯᠡᠯᠲᠡ ᠶᠢ ᠠᠳᠬᠤᠵᠤ᠂ ᠡᠷᠡᠮᠡᠬᠡᠶᠢᠯᠡᠨ ᠲᠠᠪᠰᠢᠬᠤ ᠬᠦᠴᠦᠨ ᠢ ᠨᠢᠭᠡᠳᠬᠡᠬᠦ ᠪᠤᠢ︖ ᠶᠠᠩ ᠶᠦᠩ ᠵᠢᠦ᠄ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠵᠠᠩᠭᠢᠯᠠᠭ᠎ᠠ ᠶᠢ ᠴᠢᠩᠭ᠎ᠠ ᠠᠳᠬᠤᠵᠤ᠂ ᠷᠠᠰᠢᠶᠠᠨ ᠤ ᠬᠥᠭᠵᠢᠯᠲᠡ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠵᠤ᠂ ᠵᠢᠭᠤᠯᠴᠢᠯᠠᠯ ᠢᠶᠠᠷ ᠭᠤᠣᠯ ᠪᠣᠯᠭᠠᠬᠤ᠂ ᠵᠢᠭᠤᠯᠴᠢᠯᠠᠯ ᠤᠨ ᠲᠦᠯᠦᠭᠡ ᠠᠵᠢᠯᠯᠠᠬᠤ ᠶᠢ ᠪᠠᠷᠢᠮᠲᠠᠯᠠᠵᠤ᠂ ︽ᠵᠢᠭᠤᠯᠴᠢᠯᠠᠯ +︾ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠪᠦᠬᠦ ᠬᠤᠳᠠ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠤᠨ᠎ᠠ᠃ ᠰᠣᠶᠣᠯ ᠵᠢᠭᠤᠯᠴᠢᠯᠠᠯ ᠤᠨ ᠦᠢᠯᠡᠰ ᠢ ᠬᠦᠴᠦᠷᠬᠡᠭᠵᠢᠭᠦᠯᠬᠦ ᠲᠠᠯ᠎ᠠ ᠪᠠᠷ ᠬᠦᠴᠦ ᠲᠠᠯᠪᠢᠨ᠎ᠠ᠃      ︽ᠪᠤᠶ ᠪᠦᠬᠦᠢ ᠡᠬᠢ ᠪᠠᠶᠠᠯᠢᠭ ᠢ ᠴᠥᠮ ᠵᠢᠭᠤᠯᠴᠢᠯᠠᠯ ᠳᠤ ᠲᠥᠪᠯᠡᠷᠡᠭᠦᠯᠵᠦ᠂ ᠠᠯᠢᠪᠠ ᠬᠦᠴᠦᠨ ᠢ ᠴᠥᠮ ᠵᠢᠭᠤᠯᠴᠢᠯᠠᠯ ᠳᠤ ᠦᠢᠯᠡᠴᠢᠯᠡᠭᠦᠯᠬᠦ︾ ᠶᠢ ᠪᠠᠷᠢᠮᠲᠠᠯᠠᠵᠤ᠂ ᠪᠥᠬᠦ ᠣᠷᠣᠨ ᠤ ᠠᠩᠬᠠᠳᠠᠭᠴᠢ ᠤᠯᠤᠰ ᠤᠨ ᠲᠠᠰ ᠤᠨ ᠵᠢᠭᠤᠯᠴᠢᠯᠠᠯ ᠠᠮᠠᠷᠠᠯᠲᠠ ᠶᠢᠨ ᠣᠷᠣᠨ ᠢ ᠠᠮᠵᠢᠯᠲᠠ ᠲᠠᠢ ᠡᠭᠦᠳᠦᠨ ᠪᠠᠶᠢᠭᠤᠯᠵᠤ᠂ ᠯᠦ ᠵᠢᠶᠣᠣ ᠸᠠᠨ ᠬᠠᠯᠠᠭᠤᠨ ᠷᠠᠰᠢᠶᠠᠨ ᠤ ᠠᠮᠠᠷᠠᠯᠲᠠ ᠶᠢᠨ ᠬᠤᠸᠠᠷᠠᠨ᠂ ᠶᠢᠨ ᠵᠢᠶᠠᠩ ᠭᠧᠦ ᠭᠡᠷ ᠲᠡᠷᠭᠡᠨ ᠤ ᠬᠤᠸᠠᠷᠠᠨ ᠲᠣᠰ ᠲᠣᠰ ᠪᠥᠬᠦ ᠤᠯᠤᠰ ᠤᠨ 5C᠂ 3C ᠲᠠᠰ ᠤᠨ ᠬᠤᠸᠠᠷᠠᠨ ᠢᠶᠠᠷ ᠦᠨᠡᠯᠡᠭᠳᠡᠵᠦ᠂ ᠬᠠᠯᠠᠭᠤᠨ ᠷᠠᠰᠢᠶᠠᠨ ᠵᠡᠭᠡᠯᠢ ᠶᠢᠨ ᠵᠢᠭᠤᠯᠴᠢᠯᠠᠯ ᠰᠡᠯᠡᠭᠦᠴᠡᠯ ᠤᠨ ᠵᠡᠭᠡᠯᠢ ᠲᠣᠭᠤᠷᠢᠭ ᠨᠢ ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠭᠤᠯᠴᠢᠯᠠᠯ ᠰᠡᠯᠡᠭᠦᠴᠡᠯ ᠤᠨ ᠵᠡᠭᠡᠯᠢ ᠲᠣᠭᠤᠷᠢᠭ ᠢᠶᠠᠷ ᠦᠨᠡᠯᠡᠭᠳᠡᠵᠦ᠂ ᠲᠠᠢ ᠸᠧᠢ ᠴᠡᠨᠡᠯᠡᠯᠲᠡ ᠶᠢᠨ ᠲᠠᠯᠠᠪᠠᠶ ᠨᠢ ᠥᠪᠡᠷᠲᠡᠭᠡᠨ ᠵᠠᠰᠠᠬᠤ ᠣᠷᠣᠨ ᠤ ᠲᠠᠰ ᠤᠨ ᠴᠡᠨᠡᠯᠡᠯᠲᠡ ᠵᠢᠭᠤᠯᠴᠢᠯᠠᠯ ᠤᠨ ᠠᠮᠠᠷᠠᠯᠲᠠ ᠶᠢᠨ ᠭᠠᠵᠠᠷ ᠢᠶᠠᠷ ᠦᠨᠡᠯᠡᠭᠳᠡᠵᠦ᠂ ᠪᠣᠭᠤᠮᠲᠠ ᠶᠢᠨ ᠦᠵᠡᠮᠵᠢ ᠶᠢᠨ ᠣᠷᠣᠨ᠂ ᠣᠶ ᠰᠢᠭᠤᠢ ᠶᠢᠨ ᠴᠠᠰᠤᠲᠤ ᠲᠠᠯ᠎ᠠ ᠨᠢ 3A ᠲᠠᠰ ᠤᠨ ᠦᠵᠡᠮᠵᠢ ᠶᠢᠨ ᠣᠷᠣᠨ ᠢᠶᠠᠷ ᠦᠨᠡᠯᠡᠭᠳᠡᠪᠡ᠃ ︽ᠵᠢᠭᠤᠯᠴᠢᠯᠠᠯ ᠤᠨ ᠳᠥᠷᠪᠡᠨ ᠭᠠᠵᠠᠷ︾ ᠤᠨ ᠲᠤᠬᠠᠢ ᠶᠢᠨ ᠲᠠᠯᠠᠪᠠᠶ ᠶᠢᠨ ᠰᠤᠷᠤᠯᠴᠠᠯᠭ᠎ᠠ ᠦᠵᠡᠭᠦᠯᠭᠡ ᠶᠢᠨ ᠴᠤᠭᠯᠠᠭᠠᠨ ᠢ ᠳᠠᠭᠠᠭᠠᠴᠢᠯᠠᠨ ᠡᠷᠭᠢᠯᠡᠵᠦ᠂ ︽ᠷᠠᠰᠢᠶᠠᠨ ᠤ ᠲᠤᠷᠰᠢᠯᠭ᠎ᠠ︾ ᠶᠢ ᠳᠡᠯᠭᠡᠷᠡᠭᠦᠯᠦᠨ᠂ ᠪᠥᠬᠦ ᠣᠷᠣᠨ ᠳᠤ ᠵᠢᠭᠤᠯᠴᠢᠯᠠᠯ ᠤᠨ ᠬᠥᠭᠵᠢᠯᠲᠡ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠳᠡᠯᠬᠡᠨ ᠦᠵᠡᠭᠦᠯᠪᠡ᠃ ᠪᠥᠬᠦ ᠣᠷᠣᠨ ᠪᠦᠰᠡ ᠳᠤ ᠲᠠᠪᠤᠨ ᠣᠳᠣᠨ ᠲᠠᠰ ᠤᠨ ᠬᠠᠯᠠᠭᠤᠨ ᠷᠠᠰᠢᠶᠠᠨ ᠤ ᠠᠮᠠᠷᠠᠯᠲᠠ ᠶᠢᠨ ᠪᠠᠭᠤᠳᠠᠯ ᠢ 6 ᠪᠠᠶᠢᠭᠤᠯᠵᠤ᠂ ᠬᠠᠯᠠᠭᠤᠨ ᠷᠠᠰᠢᠶᠠᠨ ᠤ ᠡᠬᠢ ᠪᠠᠶᠠᠯᠢᠭ ᠢ ᠰᠢᠰᠲ᠋ᠧᠮᠵᠢᠭᠦᠯᠦᠨ ᠨᠡᠭᠡᠭᠡᠨ ᠬᠥᠭᠵᠢᠭᠦᠯᠬᠦ ᠪᠠ ᠣᠯᠠᠨ ᠡᠰᠢᠵᠢᠭᠦᠯᠦᠨ ᠴᠣᠭᠴᠠᠯᠠᠬᠤ ᠶᠢ ᠪᠡᠶᠡᠯᠡᠭᠦᠯᠪᠡ᠃ ᠵᠠᠬ᠎ᠠ ᠳᠡᠯᠭᠡᠭᠦᠷᠴᠢᠯᠡᠭᠰᠡᠨ ᠡᠵᠡᠩᠨᠡᠯᠲᠡ ᠶᠢᠨ ᠠᠷᠭ᠎ᠠ ᠬᠡᠯᠪᠡᠷᠢ ᠪᠠᠷ ᠬᠤᠷᠴᠠ ᠤᠯᠠᠭᠠᠨ ᠴᠡᠴᠡᠭ ᠤᠨ ᠪᠠᠶᠠᠷ᠂ ᠷᠠᠰᠢᠶᠠᠨ ᠤ ᠮᠠᠷᠠᠽᠤᠨ ᠵᠡᠷᠭᠡ ᠪᠠᠶᠠᠷ ᠳᠤᠷᠠᠰᠬᠠᠯ ᠤᠨ ᠤᠷᠤᠯᠳᠤᠭᠠᠨ ᠤ ᠠᠵᠢᠯᠯᠠᠭ᠎ᠠ ᠶᠢ ᠵᠠᠭᠤ ᠭᠠᠷᠤᠢ ᠲᠠᠯᠠᠪᠤᠷ ᠠᠮᠵᠢᠯᠲᠠ ᠲᠠᠢ ᠡᠷᠬᠢᠯᠡᠵᠦ᠂ ᠰᠢᠨᠬᠤᠸᠠ ᠬᠤᠷᠢᠶ᠎ᠠ᠂ ᠳᠤᠮᠳᠠᠳᠤ ᠤᠯᠤᠰ ᠤᠨ ᠰᠣᠨᠢᠨ ᠮᠡᠳᠡᠭᠡᠨ ᠤ ᠬᠤᠷᠢᠶ᠎ᠠ ᠵᠡᠷᠭᠡ ᠭᠤᠣᠯ ᠵᠠᠭᠤᠴᠢᠯᠠᠭᠤᠷ ᠤᠨ ᠳᠡᠮᠵᠢᠯᠭᠡ ᠪᠠᠷ ᠤᠯᠠᠨ ᠤᠳᠠᠭ᠎ᠠ ᠲᠥᠪ ᠲᠧᠯᠸᠢᠰ ᠤᠨ ᠴᠡᠭᠡᠨ ᠬᠥᠰᠢᠭᠡᠨ ᠳᠤ ᠭᠠᠷᠴᠤ ᠤᠯᠠᠨ ᠤ ᠠᠩᠬᠠᠷᠤᠯ ᠢ ᠲᠠᠳᠠᠵᠠᠢ᠃ ᠲᠦᠷᠦᠯ ᠲᠡᠮᠳᠡᠭᠵᠢᠭᠦᠯᠦᠨ ᠡᠭᠦᠳᠬᠦ ᠶᠢ ᠪᠠᠷᠢᠮᠲᠠᠯᠠᠵᠤ᠂ ᠲᠠᠪᠤᠳᠤᠭᠠᠷ ᠬᠤᠭᠤᠴᠠᠭᠠᠨ ᠤ ᠷᠠᠰᠢᠶᠠᠨ ᠤ ᠰᠤᠷᠭᠠᠭᠤᠯᠢ ᠶᠢᠨ ᠨᠠᠶᠢᠵᠠ ᠨᠠᠷ ᠤᠨ ᠠᠵᠤ ᠠᠬᠤᠢ ᠶᠢᠨ ᠬᠥᠭᠵᠢᠯᠲᠡ ᠶᠢᠨ ᠰᠤᠳᠤᠯᠤᠨ ᠶᠠᠷᠢᠯᠴᠠᠬᠤ ᠬᠤᠷᠠᠯ ᠢ ᠡᠷᠭᠢᠯᠡᠵᠦ᠂ ︽ᠰᠤᠷᠭᠠᠭᠤᠯᠢ ᠶᠢᠨ ᠨᠠᠶᠢᠵᠠ ᠶᠢᠨ ᠲᠤᠭᠤᠷᠢᠭ︾ ᠢᠶᠠᠷ ︽ᠠᠵᠤ ᠦᠢᠯᠡᠰ ᠤᠨ ᠪᠦᠯᠦᠭᠯᠡᠯ︾ ᠢ ᠳᠠᠶᠢᠴᠢᠯᠠᠬᠤ ᠶᠢ ᠠᠬᠢᠭᠤᠯᠪᠠ᠃ 2024 ᠣᠨ ᠳᠤ᠂ ᠵᠢᠭᠤᠯᠴᠢᠯᠠᠭᠰᠠᠳ ᠢ 567.11 ᠲᠦᠮᠡᠨ ᠬᠥᠮᠥᠨ ᠤᠳᠠᠭ᠎ᠠ ᠭᠥᠯᠢᠶᠡᠨ ᠠᠪᠴᠤ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 5.66% ᠪᠠᠷ ᠨᠡᠮᠡᠭᠳᠡᠨ᠂ ᠵᠢᠭᠤᠯᠴᠢᠯᠠᠯ ᠤᠨ ᠣᠷᠣᠯᠭ᠎ᠠ 74.25 ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 10.67% ᠪᠠᠷ ᠨᠡᠮᠡᠭᠳᠡᠨ᠂ ᠵᠢᠭᠤᠯᠴᠢᠯᠠᠭᠰᠠᠳ ᠤᠨ ᠳᠤᠮᠳᠠᠴᠢ ᠰᠠᠭᠠᠲᠠᠭᠰᠠᠨ ᠴᠠᠭ 1.64 ᠡᠳᠦᠷ ᠪᠠᠶᠢᠭᠰᠠᠨ ᠠᠴᠠ ᠨᠡᠮᠡᠭᠳᠡᠭᠡᠳ 2.5 ᠡᠳᠦᠷ ᠪᠣᠯᠵᠤ᠂ ᠵᠢᠭᠤᠯᠴᠢᠯᠠᠯ ᠤᠨ ᠬᠥᠭᠵᠢᠶᠡᠨᠲᠡᠢ ᠤᠯᠠᠷᠢᠯ ︽ᠨᠢᠭᠡ ᠤᠯᠠᠷᠢᠯ ᠳᠤ ᠲᠦᠪᠯᠡᠷᠡᠵᠦ︾ ᠪᠠᠶᠢᠭᠰᠠᠨ ᠠᠴᠠ ᠪᠠᠨ ᠥᠷᠭᠡᠵᠢᠭᠡᠳ ︽ᠭᠤᠷᠪᠠᠨ ᠤᠯᠠᠷᠢᠯ ᠳᠤ ᠬᠥᠭᠵᠢᠶᠡᠨᠲᠡᠢ︾ ᠪᠣᠯᠵᠤ᠂ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠲᠣᠭᠤᠷᠢᠨ ᠦᠵᠡᠵᠦ ᠵᠢᠭᠤᠯᠴᠢᠯᠠᠵᠤ ᠪᠠᠶᠢᠭᠰᠠᠨ ᠠᠴᠠ ᠠᠮᠠᠷᠠᠨ ᠵᠤᠭᠠᠴᠠᠬᠤ ᠪᠤᠯᠵᠦ᠂ ᠦᠵᠡᠮᠵᠢ ᠶᠢᠨ ᠣᠷᠣᠨ ᠢᠶᠠᠷ ᠵᠢᠭᠤᠯᠴᠢᠯᠠᠵᠤ ᠪᠠᠶᠢᠭᠰᠠᠨ ᠠᠴᠠ ᠪᠥᠬᠦ ᠣᠷᠣᠨ ᠪᠦᠰᠡ ᠪᠠᠷ ᠵᠢᠭᠤᠯᠴᠢᠯᠠᠬᠤ ᠪᠤᠯᠵᠤ᠂ ᠵᠠᠰᠠᠭ ᠤᠨ ᠣᠷᠳᠣᠨ ᠢᠶᠠᠷ ᠭᠤᠣᠯᠯᠠᠭᠤᠯᠵᠤ ᠪᠠᠶᠢᠭᠰᠠᠨ ᠠᠴᠠ ᠵᠠᠬ᠎ᠠ ᠳᠡᠯᠭᠡᠭᠦᠷ ᠢᠶᠠᠷ ᠲᠤᠬᠢᠷᠠᠭᠤᠯᠬᠤ ᠬᠤᠪᠢᠷᠠᠯᠲᠠ ᠶᠢ ᠪᠡᠶᠡᠯᠡᠭᠦᠯᠵᠡᠢ᠃ ᠣᠨᠴᠠᠯᠢᠭᠲᠤ ᠲᠠᠷᠢᠵᠤ ᠲᠡᠵᠢᠭᠡᠬᠦ ᠦᠢᠯᠡᠰ ᠢ ᠰᠢᠯᠢᠳᠡᠭᠵᠢᠭᠦᠯᠬᠦ ᠲᠠᠯ᠎ᠠ ᠪᠠᠷ ᠰᠢᠪᠲᠤᠯᠤᠯᠲᠠ ᠭᠠᠷᠭᠠᠬᠤ ᠪᠠᠷ ᠴᠢᠷᠮᠠᠶᠢᠪᠠ᠃ ︽ᠵᠢᠭᠤᠯᠴᠢᠯᠠᠯ ᠤᠨ ᠲᠥᠯᠥᠭᠡ ᠲᠠᠷᠢᠶᠠᠯᠠᠬᠤ᠂ ᠵᠢᠭᠤᠯᠴᠢᠯᠠᠯ ᠤᠨ ᠲᠥᠯᠥᠭᠡ ᠮᠠᠯᠵᠢᠬᠤ︾ ᠤᠶᠢᠯᠠᠭᠠᠭᠳᠠᠬᠤᠨ ᠢ ᠪᠠᠷᠢᠮᠲᠠᠯᠠᠵᠤ᠂ ᠬᠠᠯᠬ᠎ᠠ ᠭᠤᠤᠯ᠂ ᠲᠤᠭᠤᠷ ᠤᠨ ᠭᠤᠤᠯ ᠬᠤᠶᠠᠷ ᠭᠤᠣᠯ ᠤᠨ ᠲᠠᠷᠢᠶᠠᠯᠠᠩ ︵ᠣᠶ ᠰᠢᠭᠤᠢ︶ ᠤᠨ ᠰᠣᠶᠣᠯ ᠵᠢᠭᠤᠯᠴᠢᠯᠠᠯ ᠠᠭᠤᠰᠤᠯᠴᠠᠭᠰᠠᠨ ᠠᠵᠤ ᠦᠢᠯᠡᠰ ᠤᠨ ᠪᠦᠰᠡ ᠶᠢ ᠪᠣᠶ ᠪᠣᠯᠭᠠᠵᠤ᠂ ᠣᠨᠴᠠᠯᠢᠭᠲᠤ ᠲᠠᠷᠢᠶᠠᠯᠠᠩ ᠮᠠᠯ ᠠᠵᠤ ᠠᠬᠤᠢ ᠶᠢᠨ 6 ᠲᠦᠷᠦᠯ ᠲᠡᠮᠲᠡᠭ ᠢ ᠪᠤᠢ ᠪᠤᠯᠭᠠᠨ᠂ ᠷᠠᠰᠢᠶᠠᠨ ᠤ 12 ᠵᠦᠢᠯ ᠤᠨ ᠦᠨᠦᠷ ᠠᠮᠲᠠᠲᠤ ᠪᠦᠲᠦᠭᠡᠭᠳᠡᠬᠦᠨ᠂ ᠷᠠᠰᠢᠶᠠᠨ ᠤ 20 ᠭᠠᠷᠤᠢ ᠵᠦᠢᠯ ᠤᠨ ᠪᠡᠯᠡᠭ ᠢ ᠨᠡᠭᠡᠭᠡᠨ ᠬᠦᠭᠵᠢᠭᠦᠯᠵᠦ᠂ ᠣᠶ ᠶᠢᠨ ᠬᠤᠷᠮᠣᠢ ᠶᠢᠨ ᠣᠨᠴᠠᠯᠢᠭᠲᠤ ᠪᠦᠲᠦᠭᠡᠭᠳᠡᠬᠦᠨ ᠤ ᠰᠢᠰᠲ᠋ᠧᠮ ᠢ ᠦᠨᠳᠦᠰᠦᠨ ᠳᠡᠭᠡᠨ ᠪᠦᠷᠢᠯᠳᠦᠭᠦᠯᠪᠡ᠃ ᠠᠨ ᠭᠧ ᠶᠠᠫᠤᠨ ᠦᠬᠡᠷ ᠤᠨ ᠲᠡᠵᠢᠭᠡᠪᠦᠷᠢ ᠶᠢᠨ ᠲᠥᠷᠥᠯ ᠵᠦᠢᠯ ᠢ ᠮᠢᠩ ᠱᠦᠢ ᠾᠧ ᠪᠠᠯᠭᠠᠰᠤᠨ ᠳᠤ ᠨᠠᠶᠢᠳᠠᠪᠤᠷᠢᠵᠢᠭᠤᠯᠵᠤ᠂ ᠬᠤᠰᠤᠨ ᠤ ᠰᠢᠭᠦᠰᠦ ᠶᠢ ᠵᠢᠩᠬᠢᠨᠢ ᠪᠠᠷ ᠠᠰᠢᠭᠯᠠᠯᠲᠠ ᠳᠤ ᠣᠷᠣᠭᠤᠯᠵᠤ᠂ ᠬᠦᠢᠲᠡᠨ ᠤᠰᠤᠨ ᠤ ᠵᠢᠭᠠᠰᠤ᠂ ᠱᠤᠤ ᠪᠤᠭᠤ ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠠ ᠲᠠᠷᠢᠶᠠᠯᠠᠩ ᠤᠨ ᠪᠦᠲᠦᠭᠡᠭᠳᠡᠬᠦᠨ ᠢᠶᠠᠷ ᠵᠥᠪᠰᠢᠶᠡᠷᠡᠭᠳᠡᠵᠦ᠂ ᠪᠣᠬᠢᠷᠲᠤᠯ ᠦᠭᠡᠢ ᠣᠷᠭᠠᠨᠢᠭ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠣᠷᠤᠯᠠᠭᠤᠯᠭ᠎ᠠ ᠶᠢᠨ ᠬᠡᠮᠵᠢᠶ᠎ᠡ 1.55 ᠳ᠋ᠦᠩᠰᠢᠭᠤᠷ ᠲᠥᠭᠦᠷᠢᠭ ᠢ ᠳᠠᠪᠠᠵᠤ᠂ ᠪᠥᠬᠦ ᠤᠯᠤᠰ ᠤᠨ ᠰᠢᠭᠤᠶᠢᠲᠤ ᠣᠷᠣᠨ ᠤ ᠠᠩᠬᠠᠳᠠᠭᠴᠢ ᠥᠯᠥ ᠬᠠᠯᠳᠠᠭᠠᠬᠤ ᠬᠢᠵᠢᠭ ᠦᠭᠡᠢ ᠣᠷᠣᠨ ᠢ ᠦᠨᠳᠦᠰᠦᠨ ᠳᠡᠭᠡᠨ ᠪᠦᠲᠦᠭᠡᠨ ᠪᠠᠶᠢᠭᠤᠯᠪᠠ᠃ ᠪᠣᠭᠤᠮᠲᠠ ᠶᠢᠨ ᠠᠵᠤ ᠠᠬᠤᠢ ᠶᠢ ᠲᠣᠭᠲᠠᠪᠤᠷᠢᠵᠢᠭᠤᠯᠬᠤ ᠲᠠᠯ᠎ᠠ ᠪᠠᠷ ᠬᠥᠳᠡᠯᠭᠡᠬᠦ ᠬᠦᠴᠦᠨ ᠨᠡᠮᠡᠭᠳᠡᠭᠦᠯᠪᠡ᠃ ᠬᠢᠯᠢ ᠠᠯᠤᠰᠯᠠᠭᠰᠠᠨ ᠵᠢᠭᠤᠯᠴᠢᠯᠠᠯ᠂ ᠰᠣᠶᠣᠯ ᠢᠷᠭᠡᠨᠰᠢᠯ ᠤᠨ ᠰᠣᠯᠢᠯᠴᠠᠭ᠎ᠠ᠂ ᠬᠢᠯᠢ ᠶᠢᠨ ᠠᠷᠠᠯᠵᠢᠶ᠎ᠠ ︽ᠭᠤᠷᠮᠤᠰᠤᠨ ᠴᠣᠭᠴᠠ︾ ᠶᠢᠨ ᠪᠣᠭᠤᠮᠲᠠ ᠶᠢᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠨ᠂ ᠬᠢᠯᠢ ᠶᠢᠨ ᠪᠣᠭᠤᠮᠲᠠ ᠶᠢᠨ ᠦᠢᠯᠡᠴᠢᠯᠡᠭᠡᠨ ᠤ ᠲᠥᠪ ᠤᠨ ᠰᠠᠭᠤᠷᠢ ᠲᠦᠭᠦᠭᠡᠷᠦᠮᠵᠢ ᠵᠡᠷᠭᠡ 5 ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠬᠡᠷᠡᠭᠵᠢᠭᠦᠯᠵᠦ᠂ ᠵᠠᠰᠠᠮᠠᠯ ᠵᠠᠮ ᠤᠨ ᠪᠣᠭᠤᠮᠲᠠ ᠶᠢ ᠦᠷᠭᠡᠳᠬᠡᠨ ᠨᠡᠭᠡᠭᠡᠬᠦ ᠵᠦᠢᠯᠡᠰ ᠢ ᠲᠥᠷᠥ ᠶᠢᠨ ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠦᠭᠡᠳ᠂ ᠤᠯᠤᠰ ᠤᠨ ᠡᠭᠦᠳᠡ᠂ ᠬᠢᠯᠢ ᠶᠢᠨ ᠬᠥᠰᠢᠶ᠎ᠡ ᠶᠢᠨ ᠦᠵᠡᠮᠵᠢ ᠶᠢᠨ ᠭᠠᠵᠠᠷ ᠤᠨ ᠨᠡᠭᠡᠭᠡᠯᠲᠡ ᠬᠢᠬᠦ ᠶᠢ ᠤᠮᠠᠷᠠᠲᠤ ᠬᠡᠰᠡᠭ ᠤᠨ ᠪᠠᠶᠢᠯᠳᠤᠭᠠᠨ ᠤ ᠲᠣᠭᠤᠷᠢᠭ ᠢᠶᠠᠷ ᠵᠥᠪᠰᠢᠶᠡᠷᠡᠭᠦᠯᠦᠭᠡᠳ᠂ ᠬᠢᠯᠢ ᠶᠢᠨ ᠵᠠᠬ᠎ᠠ ᠳᠡᠯᠭᠡᠭᠦᠷ ᠢᠶᠠᠨ ᠨᠡᠭᠡᠭᠡᠭᠰᠡᠨ ᠠᠷᠠᠯᠵᠢᠶᠠᠨ ᠤ ᠲᠣᠭᠤᠷᠢᠭ ᠢ ᠪᠣᠭᠤᠮᠲᠠ ᠪᠢᠲᠡᠭᠦᠮᠵᠢᠯᠡᠨ ᠠᠵᠢᠯᠯᠠᠭᠤᠯᠵᠤ᠂ ᠡᠳ᠋ᠰᠢᠭᠦᠯᠬᠦ ᠠᠵᠤ ᠠᠬᠤᠶᠢᠯᠠᠯ ᠢ 4 ᠣᠷᠣᠭᠤᠯᠤᠨ ᠠᠪᠴᠢᠷᠠᠵᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠬᠡᠮᠵᠢᠶ ᠎ᠡ 1.31 ᠳ᠋ᠦᠩᠰᠢᠭᠤᠷ ᠲᠥᠭᠦᠷᠢᠭ ᠲᠤ ᠬᠦᠷᠴᠦ᠂ ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ ᠤ ᠠᠩᠬᠠᠳᠠᠭᠴᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠠᠷᠠᠯᠵᠢᠶ᠎ᠠ ᠶᠢᠨ ᠬᠡᠮᠵᠢᠶ᠎ᠡ ᠳ᠋ᠦᠩᠰᠢᠭᠤᠷ ᠢ ᠳᠠᠪᠠᠭᠰᠠᠨ ᠬᠢᠯᠢ ᠶᠢᠨ ᠵᠠᠬ ᠎ᠠ ᠳᠡᠯᠭᠡᠭᠦᠷ ᠨᠡᠭᠡᠭᠡᠭᠰᠡᠨ ᠭᠠᠵᠠᠷ ᠣᠷᠣᠨ ᠪᠣᠯᠵᠤ᠂ ᠪᠣᠭᠤᠮᠲᠠ ᠶᠢᠨ ᠪᠥᠬᠦ ᠵᠢᠯ ᠳᠤ ︽ᠲᠦᠮᠡᠨ ᠬᠦᠮᠦᠨ ᠪᠤᠭᠤᠮᠳᠠ ᠳᠠᠪᠠᠵᠤ᠂ ᠠᠷᠠᠯᠵᠢᠶ᠎ᠠ ᠳ᠋ᠦᠩᠰᠢᠭᠤᠷ ᠢ ᠳᠠᠪᠠᠭ᠋ᠤ︾ ᠢ ᠪᠡᠶᠡᠯᠡᠭᠦᠯᠵᠦ᠂ ᠲᠡᠦᠬᠡ ᠶᠢᠨ ᠰᠢᠨ᠎ᠠ ᠲᠡᠮᠲᠡᠭᠯᠡᠯ ᠢ ᠡᠭᠦᠳᠴᠡᠢ᠃      ᠥᠪᠥᠷ ᠮᠣᠩᠭᠤᠯ ᠤᠨ ᠡᠳᠦᠷ ᠤᠨ ᠰᠣᠨᠢᠨ᠄ ᠨᠠᠮ ᠤᠨ ᠪᠠᠶᠢᠭᠤᠯᠤᠯᠲᠠ ᠪᠠᠷ ᠥᠭᠡᠷᠡᠴᠢᠯᠡᠯᠲᠡ ᠶᠢ ᠠᠳᠬᠤᠬᠤ ᠳᠤ ᠬᠡᠷᠬᠢᠨ ᠠᠩᠬᠠᠷᠤᠯ ᠢᠶᠠᠨ ᠲᠥᠪᠯᠡᠷᠡᠭᠦᠯᠵᠦ᠂ ᠦᠨᠳᠦᠰᠦᠨ ᠱᠠᠲᠤᠨ ᠤ ᠵᠠᠰᠠᠯᠲᠠ ᠶᠢᠨ ᠠᠮᠢᠵᠢᠷᠠᠯ ᠤᠨ ᠬᠦᠴᠦᠨ ᠢ ᠬᠦᠭᠵᠢᠭᠡᠬᠦ ᠪᠤᠢ︖ ᠶᠠᠩ ᠶᠦᠩ ᠵᠢᠦ᠄ ︽ᠳᠠᠷᠤᠭᠠᠰᠤ ᠶᠢ ᠬᠥᠩᠭᠡᠷᠡᠭᠦᠯᠬᠦ᠂ ᠣᠷᠣᠯᠭ᠎ᠠ ᠶᠢ ᠨᠡᠮᠡᠭᠳᠡᠭᠦᠯᠬᠦ᠂ ᠶᠠᠰᠤ ᠴᠢᠨᠠᠷ ᠢ ᠳᠡᠭᠡᠭᠰᠢᠯᠡᠭᠦᠯᠬᠦ᠂ ᠠᠷᠭ᠎ᠠ ᠵᠠᠮ ᠢ ᠥᠷᠭᠡᠳᠬᠡᠬᠦ᠂ ᠰᠢᠯᠭᠠᠯᠲᠠ ᠶᠢ ᠰᠢᠯᠢᠳᠡᠭᠵᠢᠭᠦᠯᠬᠦ︾ ᠳᠡᠭᠡᠷ᠎ᠡ ᠠᠩᠬᠠᠷᠤᠯ ᠢᠶᠠᠨ ᠲᠥᠪᠯᠡᠷᠡᠭᠦᠯᠵᠦ᠂ ︽ᠬᠤᠣᠰ ᠰᠠᠭᠤᠷᠢ ᠶᠢ ᠴᠢᠩᠭᠠᠳᠬᠠᠬᠤ︾ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠥᠬᠦ ᠲᠠᠯ᠎ᠠ ᠪᠠᠷ ᠳᠠᠪᠰᠢᠬᠤ᠂ ᠪᠥᠬᠦ ᠲᠠᠯ᠎ᠠ ᠪᠠᠷ ᠴᠠᠭᠠᠷᠠᠬᠤ ᠶᠢ ᠠᠬᠢᠭᠤᠯᠤᠨ ᠎ᠠ᠃ ︽ᠨᠠᠮ ᠤᠨ ᠪᠠᠶᠢᠭᠤᠯᠤᠯᠲᠠ + ᠵᠢᠭᠤᠯᠴᠢᠯᠠᠯ + ᠰᠤᠳᠤᠯᠤᠨ ᠰᠤᠷᠤᠯᠴᠠᠬᠤ︾ ᠶᠢ ᠠᠬᠢᠭᠤᠯᠪᠠ᠃ ᠬᠠᠷᠢᠶ᠎ᠠ ᠣᠷᠣᠨ ᠤ ᠡᠯ᠎ᠡ ᠲᠦᠷᠦᠯ ᠤᠨ ᠡᠬᠢ ᠪᠠᠶᠠᠯᠢᠭ ᠢ ᠬᠤᠯᠪᠣᠵᠤ᠂ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ + ᠰᠤᠳᠤᠯᠤᠨ ᠰᠤᠷᠤᠯᠴᠠᠬᠤ ᠵᠠᠮ ᠱᠤᠭᠤᠮ᠂ ᠬᠢᠯᠢ ᠶᠢᠨ ᠵᠢᠭᠤᠯᠴᠢᠯᠠᠯ + ᠰᠤᠳᠤᠯᠤᠨ ᠰᠤᠷᠤᠯᠴᠠᠬᠤ ᠵᠠᠮ ᠱᠤᠭᠤᠮ᠂ ︽ᠪᠠᠺᠲ᠋ᠧᠷᠢ ᠶᠢᠨ ᠦᠢᠯᠡᠰ ᠢ ᠰᠤᠨᠢᠷᠬᠠᠬᠤ︾ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠵᠠᠮ ᠱᠤᠭᠤᠮ ᠵᠢᠴᠢ ᠬᠤᠪᠢᠰᠬᠠᠯᠲᠤ ᠰᠣᠶᠣᠯ ᠤᠨ ᠲᠠᠶᠢᠯᠤᠮᠵᠢ᠂ ᠪᠠᠢ ᠯᠠᠩ ᠪᠠᠯᠭᠠᠰᠤᠨ ᠤ ᠤᠶᠢᠰᠤᠨ ᠤ ᠵᠢᠷᠤᠭ᠂ ᠠᠷᠠᠳ ᠤᠨ ᠵᠠᠩ ᠦᠢᠯᠡ ᠶᠢᠨ ᠰᠣᠶᠣᠯ ᠢ ᠤᠯᠠᠮᠵᠢᠯᠠᠨ ᠵᠠᠯᠭᠠᠮᠵᠢᠯᠠᠬᠤ ᠵᠡᠷᠭᠡ ᠰᠢᠷᠢᠰ ᠰᠤᠳᠤᠯᠤᠨ ᠰᠤᠷᠤᠯᠴᠠᠬᠤ ᠬᠢᠴᠢᠶᠡᠯ ᠢ ᠴᠤᠭᠴᠠᠯᠠᠵᠤ᠂ ᠵᠠᠭᠤᠨ ᠲᠦᠮᠡᠨ ᠮᠦ ᠲᠠᠷᠢᠮᠠᠯ ᠣᠶ᠂ ᠰᠧᠨ ᠸᠠᠩ ᠨᠡᠶᠢᠭᠡᠮ ᠲᠣᠭᠤᠷᠢᠭ᠂ ᠭᠠᠵᠠᠷ ᠰᠢᠨᠵᠢᠯᠡᠭᠡᠨ ᠤ ᠴᠡᠴᠡᠷᠯᠢᠭ ᠤᠨ ᠮᠦᠽᠧᠢ ᠵᠡᠷᠭᠡ ᠨᠠᠮ ᠤᠨ ᠰᠤᠷᠭᠠᠭᠤᠯᠢ ᠶᠢᠨ ᠲᠤᠬᠠᠢ ᠶᠢᠨ ᠲᠠᠯᠠᠪᠠᠶ ᠶᠢᠨ ᠵᠢᠭᠠᠨ ᠰᠤᠷᠭᠠᠯᠲᠠ ᠶᠢᠨ ᠴᠡᠭ ᠢ 5 ᠲᠣᠬᠢᠷᠠᠭᠤᠯᠵᠤ᠂ 2024 ᠣᠨ ᠳᠤ ᠰᠤᠳᠤᠯᠤᠨ ᠰᠤᠷᠤᠯᠴᠠᠬᠤ ᠦᠢᠯᠡᠳᠦᠯᠭᠡ ᠶᠢᠨ ᠲᠠᠨᠢᠯᠴᠠᠭᠤᠯᠭ᠎ᠠ᠂ ᠪᠡᠶᠡᠴᠢᠯᠡᠨ ᠣᠶᠢᠯᠠᠭᠠᠬᠤ ᠠᠵᠢᠯᠯᠠᠭ᠎ᠠ ᠶᠢ ᠨᠡᠶᠢᠲᠡ 23 ᠲᠠᠯᠠᠪᠤᠷ 2750 ᠬᠥᠮᠥᠨ ᠤᠳᠠᠭ᠎ᠠ ᠥᠷᠨᠢᠭᠦᠯᠪᠡ᠃ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠵᠦ ᠬᠤᠯᠪᠤᠭᠠᠯᠠᠨ ᠰᠡᠷᠭᠡᠶᠢᠯᠡᠵᠦ ᠬᠢᠯᠢ ᠬᠢᠵᠠᠭᠠᠷ ᠢ ᠲᠣᠭᠲᠠᠪᠤᠷᠢᠵᠢᠭᠤᠯᠪᠠ᠃ ᠬᠢᠯᠢ ᠬᠢᠵᠠᠭᠠᠷ᠂ ᠰᠢᠭᠤᠶᠢᠲᠤ ᠣᠷᠣᠨ᠂ ᠵᠢᠭᠤᠯᠴᠢᠯᠠᠯ ᠤᠨ ᠣᠷᠣᠨ ᠪᠦᠰᠡ ᠶᠢᠨ ᠣᠨᠴᠠᠯᠢᠭ ᠲᠠᠢ ᠨᠢᠭᠲᠠ ᠤᠶᠠᠯᠳᠤᠭᠤᠯᠤᠨ᠂ ︽ᠨᠢᠭᠡ ᠰᠦᠯᠵᠢᠶ᠎ᠡ ᠲᠠᠪᠤᠨ ᠵᠠᠰᠠᠯᠲᠠ ᠲᠠᠪᠤᠨ ᠲᠠᠪᠴᠠᠩ N ᠲᠦᠷᠦᠯ ᠲᠡᠮᠳᠡᠭ︾  ᠤᠨ ᠵᠠᠰᠠᠯᠲᠠ ᠶᠢᠨ ᠵᠠᠭᠪᠤᠷ ᠢ ᠲᠡᠭᠦᠯᠳᠡᠷᠵᠢᠭᠦᠯᠵᠦ᠂ ︽ᠴᠠᠰᠤᠲᠤ ᠬᠤᠲᠠ ᠶᠢᠨ ᠵᠢᠷᠤᠮ ᠤᠨ ᠴᠠᠭᠳᠠᠭ᠎ᠠ︾ 24 ᠬᠡᠷᠡᠭ ᠢ ᠬᠠᠪᠰᠤᠷᠤᠨ ᠢᠯᠡᠷᠡᠭᠦᠯᠵᠦ᠂ 128 ᠬᠤᠪᠢ ᠵᠢᠭᠤᠷᠠᠯᠳᠤᠭᠠᠨ ᠢ ᠰᠶᠢᠳᠪᠤᠷᠢᠯᠡᠵᠤ᠂ ︽ᠴᠢᠤᠸᠠᠨ ᠴᠧᠩ ᠣᠷᠣᠯᠠᠨ ᠭᠦᠢᠴᠡᠳᠭᠡᠬᠦ︾ ᠦᠢᠯᠡᠴᠢᠯᠡᠭᠡ ᠶᠢ ᠳᠡᠯᠭᠡᠷᠡᠭᠦᠯᠵᠦ᠂ ᠵᠠᠬᠢᠳᠠᠯ ᠰᠤᠷᠪᠤᠯᠵᠢᠯᠠᠯ ᠤᠨ ᠬᠡᠮᠵᠢᠶ ᠎ᠡ ᠢᠯᠡᠳᠲᠡ ᠪᠠᠭᠤᠷᠠᠵᠤ᠂ ᠪᠥᠬᠦ ᠵᠢᠯ ᠳᠤ ᠤᠯᠤᠰ ᠲᠥᠷᠥ ᠶᠢᠨ ᠠᠮᠤᠷ ᠲᠦᠪᠰᠢᠨ ᠢ ᠨᠥᠯᠥᠭᠡᠯᠡᠬᠦ ᠬᠦᠨᠳᠦ ᠬᠡᠷᠡᠭ᠂ ᠴᠢᠬᠤᠯᠠ ᠬᠡᠷᠡᠭ ᠭᠠᠷᠤᠭᠰᠠᠨ ᠥᠬᠡᠶ᠂ 35 ᠰᠠᠷ᠎ᠠ ᠳᠠᠷᠠᠭᠠᠯᠠᠨ ᠠᠮᠢᠨ ᠬᠡᠷᠡᠭ ᠡᠭᠦᠰᠦᠭᠰᠡᠨ ᠦᠭᠡᠢ᠂ 45 ᠤᠳᠠᠭ᠎ᠠ ᠶᠢᠨ ᠠᠮᠤᠷ ᠢ ᠬᠠᠮᠠᠭᠠᠯᠠᠬᠤ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠬᠢᠯᠢ ᠬᠢᠵᠠᠭᠠᠷ ᠣᠷᠣᠨ ᠤ ᠠᠮᠤᠷ ᠲᠦᠪᠰᠢᠨ ᠲᠣᠭᠲᠠᠭᠤᠨ ᠪᠠᠶᠢᠳᠠᠯ ᠢ ᠬᠦᠴᠦᠲᠡᠶ ᠬᠠᠮᠠᠭᠠᠯᠠᠪᠠ᠃ ᠨᠠᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠴᠢᠯᠡᠭᠡᠨ ᠤ ᠴᠢᠳᠠᠮᠵᠢ ᠶᠢ ᠪᠠᠳᠠᠷᠠᠭᠤᠯᠪᠠ᠃ ︽ᠵᠠᠭᠤᠨ ᠱᠦᠵᠢ ᠲᠥᠷᠦᠯ ᠵᠦᠢᠯ ᠪᠠᠶᠢᠭᠤᠯᠵᠤ᠂ ᠮᠢᠩᠭᠠᠨ ᠨᠠᠮ ᠤᠨ ᠭᠡᠰᠢᠭᠦᠨ ᠪᠣᠳᠠᠲᠠᠢ ᠠᠵᠢᠯ ᠬᠢᠵᠦ᠂ ᠲᠦᠮᠡᠨ ᠤᠯᠠᠨ ᠲᠦᠮᠡᠨ ᠳᠤ ᠪᠣᠳᠠᠲᠠᠢ ᠠᠰᠢᠭ ᠬᠦᠷᠲᠡᠭᠡᠬᠦ︾ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠪᠦᠬᠦ ᠣᠷᠣᠨ ᠪᠦᠰᠡ ᠶᠢᠨ ᠬᠠᠷᠢᠯᠴᠠᠨ ᠬᠤᠯᠪᠣᠭᠠᠯᠠᠵᠤ ᠬᠠᠮᠲᠤ ᠪᠠᠷ ᠪᠠᠶᠢᠭᠤᠯᠬᠤ ᠪᠠ ︽ᠬᠤᠣᠰ ᠨᠡᠷ᠎ᠡ ᠮᠡᠳᠡᠭᠦᠯᠬᠦ᠂ ᠬᠤᠣᠰ ᠦᠢᠯᠡᠴᠢᠯᠡᠭᠡ᠂ ᠬᠤᠣᠰ ᠮᠡᠳᠡᠭᠦᠯᠦᠯᠲᠡ︾  ᠶᠢᠨ ᠠᠵᠢᠯ ᠤᠨ ᠲᠣᠭᠲᠠᠴᠠ ᠳᠤ ᠲᠦᠰᠢᠭᠯᠡᠨ᠂ ᠪᠦᠬᠦ ᠬᠤᠲᠠ ᠶᠢᠨ ᠨᠠᠮ ᠤᠨ ᠵᠣᠬᠢᠶᠠᠨ ᠪᠠᠶᠢᠭᠤᠯᠤᠯᠲᠠ ᠬᠠᠷᠢᠯᠴᠠᠨ ᠬᠤᠯᠪᠣᠭᠠᠯᠠᠵᠤ ᠬᠠᠮᠲᠤ ᠪᠠᠷ ᠪᠠᠶᠢᠭᠤᠯᠬᠤ ᠠᠵᠢᠯᠯᠠᠭ᠎ᠠ ᠶᠢ 263 ᠤᠳᠠᠭ᠎ᠠ ᠥᠷᠨᠢᠭᠦᠯᠵᠦ᠂ ᠣᠯᠠᠨ ᠲᠦᠮᠡᠨ ᠤ ᠬᠦᠴᠢᠷᠲᠡᠯ ᠲᠠᠢ ᠠᠰᠠᠭᠤᠳᠠᠯ ᠢ 523 ᠤᠳᠠᠭ᠎ᠠ ᠰᠢᠢᠳᠪᠦᠷᠢᠯᠡᠪᠡ᠃      ᠥᠪᠥᠷ ᠮᠣᠩᠭᠤᠯ ᠤᠨ ᠡᠳᠦᠷ ᠤᠨ ᠰᠣᠨᠢᠨ᠄ ᠬᠡᠷᠬᠢᠨ ᠠᠷᠠᠳ ᠤᠨ ᠠᠮᠢᠳᠤᠷᠠᠯ ᠤᠨ ᠪᠠᠲᠤᠯᠠᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠥᠭᠡᠷᠡᠴᠢᠯᠡᠯᠲᠡ ᠶᠢ ᠠᠳᠬᠤᠵᠤ᠂ ᠵᠣᠷᠢᠯᠲᠠ ᠪᠠᠨ ᠪᠠᠲᠤ ᠴᠡᠭᠡᠵᠢᠯᠡᠬᠦ ︽ᠨᠢᠭᠡᠰᠡᠳᠭᠢᠯ︾ ᠢ ᠨᠢᠭᠲᠠᠷᠠᠭᠤᠯᠬᠤ ᠪᠣᠶ︖ ᠶᠠᠩ ᠶᠦᠩ ᠵᠢᠤ᠄ ᠠᠷᠠᠳ ᠲᠦᠮᠡᠨ ᠤ ᠠᠵᠠ ᠵᠢᠷᠭᠠᠯ ᠢ ᠨᠡᠮᠡᠭᠳᠡᠭᠦᠯᠬᠦ ᠪᠠᠷ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠵᠣᠷᠢᠯᠲᠠ ᠪᠠ ᠲᠤᠰᠤᠯᠳᠠ ᠪᠣᠯᠭᠠᠵᠤ᠂ ᠠᠷᠠᠳ ᠲᠦᠮᠡᠨ ᠬᠦᠰᠡᠯ ᠱᠠᠭᠠᠷᠳᠠᠯᠭ᠎ᠠ ᠲᠠᠢ ᠪᠤᠯ ᠥᠭᠡᠷᠡᠴᠢᠯᠡᠯᠲᠡ ᠳᠤ ᠬᠠᠷᠢᠭᠤ ᠲᠤᠰᠬᠠᠯ ᠲᠠᠢ ᠪᠠᠶᠢᠬᠤ ᠶᠢ ᠪᠡᠶᠡᠯᠡᠭᠦᠯᠤᠨ᠎ᠠ᠃ ᠠᠷᠠᠳ ᠤᠨ ᠠᠮᠢᠳᠤᠷᠠᠯ ᠤᠨ ᠨᠢᠭᠡ ᠪᠦᠯᠦᠭ ᠪᠣᠳᠠᠲᠤ ᠶᠠᠪᠤᠳᠠᠯ ᠢ ᠰᠠᠶᠢᠲᠤᠷ ᠬᠢᠨ᠎ᠠ᠃      ᠤᠯᠠᠨ ᠲᠦᠮᠡᠨ ᠤ ᠪᠠᠴᠢᠮᠳᠡᠵᠤ ᠬᠦᠴᠢᠷᠳᠡᠵᠤ ᠵᠤᠪᠠᠨᠢᠵᠤ ᠬᠦᠰᠡᠵᠤ ᠪᠠᠶᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠳᠤ᠂ ᠠᠮᠤᠷ ᠲᠦᠪᠰᠢᠨ ᠤ ᠰᠡᠷᠡᠮᠵᠢᠯᠡᠭᠦᠯᠦᠯ᠂ ᠰᠠᠭᠤᠭᠠᠯᠢ ᠠᠷᠠᠳ ᠤᠨ ᠲᠣᠭᠤᠷᠢᠭ ᠤᠨ ᠭᠡᠷᠡᠯᠲᠦᠭᠦᠯᠭᠡ᠂ ᠰᠡᠯᠡᠭᠦᠴᠡᠯ ᠤᠨ ᠰᠢᠷᠡᠭᠡ ᠰᠠᠨᠳᠠᠯᠢ ᠵᠡᠷᠭᠡ ᠵᠢᠵᠢᠭ ᠶᠠᠪᠤᠳᠠᠯ ᠠᠴᠠ ᠭᠠᠷᠳᠠᠵᠦ ᠦᠭᠡᠷᠡᠴᠢᠯᠡᠨ ᠰᠢᠨᠡᠳᠭᠡᠵᠤ᠂ ᠲᠦᠷᠭᠡᠨ ᠦᠷ᠎ᠡ ᠪᠦᠲᠦᠮᠵᠢ ᠤᠯᠬᠤ ᠶᠠᠪᠤᠳᠠᠯ ᠬᠢᠬᠦ ᠪᠠᠷ ᠪᠠᠷᠠᠬᠤ ᠦᠭᠡᠢ᠂ ᠪᠠᠰᠠ ᠠᠷᠠᠳ ᠲᠤ ᠲᠦᠬᠦᠮ ᠦᠵᠡᠭᠦᠯᠬᠦ ᠵᠠᠬ᠎ᠠ ᠳᠡᠯᠭᠡᠭᠦᠷ ᠢ ᠪᠠᠶᠢᠭᠤᠯᠬᠤ᠂ ᠪᠠᠴᠢᠮ ᠪᠠᠶᠢᠳᠠᠯ ᠢ ᠠᠷᠭᠠᠴᠠᠭᠠᠨ ᠠᠪᠤᠷᠠᠨ ᠲᠤᠰᠠᠯᠠᠬᠤ ᠪᠤᠯᠤᠩ᠂ ᠬᠤᠭᠤᠯᠠᠢ ᠲᠣᠣᠷ ᠤᠨ ᠥᠭᠡᠷᠡᠴᠢᠯᠡᠯᠲᠡ ᠶᠢ ᠪᠠᠶᠢᠭᠤᠯᠬᠤ ᠵᠡᠷᠭᠡ ᠰᠠᠭᠤᠷᠢ ᠲᠠᠯᠪᠢᠬᠤ᠂ ᠠᠯᠤᠰ ᠬᠡᠳᠤ ᠳᠤ ᠠᠰᠢᠭᠲᠠᠢ ᠲᠦᠷᠦᠯ ᠵᠦᠢᠯ ᠢ ᠪᠠᠶᠢᠭᠤᠯᠵᠤ᠂ ᠨᠢᠭᠡ ᠵᠢᠵᠢᠭ ᠶᠠᠪᠤᠳᠠᠯ ᠢ ᠨᠠᠷᠢᠯᠢᠭ ᠬᠢᠬᠦ ᠠᠴᠠ ᠨᠢᠭᠡ ᠪᠦᠯᠦᠭ ᠪᠣᠳᠠᠲᠤ ᠶᠠᠪᠤᠳᠠᠯ ᠢ ᠠᠬᠢᠭᠤᠯᠬᠤ ᠬᠦᠷᠲᠡᠯ᠎ᠡ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠲᠠᠰᠤᠷᠠᠯᠳᠠ ᠦᠭᠡᠢ ᠨᠡᠮᠡᠭᠳᠡᠭᠦᠯᠪᠡ᠃      ᠰᠤᠷᠭᠠᠨ ᠬᠥᠮᠦᠵᠢᠯ ᠤᠨ ᠬᠦᠷᠢᠶᠡᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠪᠠ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ᠂ ︽ᠪᠦᠯᠬᠦᠮ ᠪᠠᠶᠢᠭᠤᠯᠬᠤ ᠮᠠᠶ᠋ᠢᠭ︾ ᠤᠨ ᠬᠠᠪᠰᠤᠷᠤᠨ ᠲᠡᠳᠬᠦᠬᠦ ᠬᠦᠴᠦᠨ ᠢ ᠭᠦᠢᠴᠡᠳ ᠰᠠᠶᠢᠲᠤᠷ ᠬᠡᠷᠡᠭᠯᠡᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠰᠢᠯᠢᠳᠡᠭ ᠪᠠᠭᠰᠢ ᠶᠢ ᠣᠷᠣᠭᠤᠯᠤᠨ ᠠᠪᠴᠢᠷᠠᠵᠤ᠂ ᠳᠤᠮᠳᠡᠳᠦ ᠰᠤᠷᠭᠠᠭᠤᠯᠢ ᠳᠤ ᠳᠠᠪᠰᠢᠬᠤ ᠪᠠ ᠶᠡᠭᠡ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠬᠢᠷᠢ ᠪᠦᠲᠦᠮᠵᠢ ᠶᠢ ᠦᠷᠭᠦᠯᠵᠢᠯᠡᠨ ᠰᠠᠶᠢᠵᠢᠷᠠᠭᠤᠯᠵᠤ᠂ ᠨᠢᠭᠡᠳᠦᠭᠡᠷ ᠪᠠᠭ᠎ᠠ ᠰᠤᠷᠭᠠᠭᠤᠯᠢ ᠨᠢ ᠥᠪᠡᠷᠲᠡᠭᠡᠨ ᠵᠠᠰᠠᠬᠤ ᠣᠷᠣᠨ ᠤ ᠲᠡᠰ ᠤᠨ ᠬᠥᠳᠡᠯᠮᠦᠷᠢ ᠶᠢᠨ ᠰᠤᠷᠭᠠᠨ ᠬᠥᠮᠦᠵᠢᠯ ᠤᠨ ᠲᠤᠷᠰᠢᠯᠲᠠ ᠶᠢᠨ ᠰᠤᠷᠭᠠᠭᠤᠯᠢ ᠪᠠᠷ ᠦᠨᠡᠯᠡᠭᠳᠡᠵᠦ᠂ ᠨᠢᠭᠡᠳᠦᠭᠡᠷ ᠬᠡᠦᠬᠡᠳ ᠤᠨ ᠴᠡᠴᠡᠷᠯᠢᠭ ᠨᠢ ᠥᠪᠡᠷᠲᠡᠭᠡᠨ ᠵᠠᠰᠠᠬᠤ ᠣᠷᠣᠨ ᠤ ᠪᠢᠴᠢᠭ ᠤᠨ ᠰᠤᠷᠪᠤᠯᠵᠢᠲᠤ ᠰᠤᠷᠭᠠᠭᠤᠯᠢ ᠶᠢᠨ ᠬᠦᠷᠢᠶ᠎ᠡ ᠪᠠᠷ ᠦᠨᠡᠯᠡᠭᠳᠡᠵᠦ᠂ ᠬᠤᠶᠠᠳᠤᠭᠠᠷ ᠬᠡᠦᠬᠡᠳ ᠤᠨ ᠴᠡᠴᠡᠷᠯᠢᠭ ᠨᠢ ᠪᠥᠬᠦ ᠣᠷᠣᠨ ᠤ ᠠᠮᠤᠭᠤᠯᠠᠩᠳᠤ ᠰᠤᠷᠭᠠᠭᠤᠯᠢ ᠶᠢᠨ ᠬᠦᠷᠢᠶ᠎ᠡ ᠪᠠᠷ ᠦᠨᠡᠯᠡᠭᠳᠡᠵᠦ᠂ ᠥᠪᠡᠷᠲᠡᠭᠡᠨ ᠵᠠᠰᠠᠬᠤ ᠣᠷᠣᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ︽ᠬᠤᠶᠠᠷ ᠢ ᠲᠦᠭᠡᠮᠡᠯᠵᠢᠭᠦᠯᠬᠦ︾ ᠵᠢᠱᠢᠶ᠎ᠡ ᠦᠵᠡᠭᠦᠯᠬᠦ ᠬᠤᠲᠠ᠂ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢᠨ ᠵᠢᠱᠢᠶ᠎ᠡ ᠦᠵᠡᠭᠦᠯᠬᠦ ᠬᠤᠲᠠ ᠶᠢ ᠪᠥᠬᠦ ᠬᠦᠴᠦᠨ ᠢᠶᠠᠷ ᠢᠶᠠᠨ ᠡᠭᠦᠳᠦᠨ ᠪᠠᠶᠢᠭᠤᠯᠪᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠪᠠ᠃      ᠡᠮᠴᠢᠯᠡᠭᠡᠨ ᠤ ᠠᠯᠤᠰ ᠡᠵᠡᠮᠰᠢᠯᠲᠦ ᠬᠠᠮᠵᠢᠯᠴᠠᠭ᠎ᠠ ᠶᠢᠨ ᠲᠠᠪᠴᠠᠩ ᠢ ᠰᠠᠶᠢᠲᠤᠷ ᠬᠡᠷᠡᠭᠯᠡᠵᠦ᠂ ᠣᠯᠠᠨ ᠲᠠᠰ ᠳᠠᠪᠬᠤᠷᠭ᠎ᠠ ᠶᠢᠨ ᠡᠮᠴᠢᠯᠡᠭᠡᠨ ᠤ ᠬᠤᠯᠪᠣᠭᠠᠲᠤ ᠴᠣᠭᠴᠠ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠤᠨ᠂ ᠨᠢᠭᠲᠠᠷᠬᠠᠰᠠᠨ ᠬᠡᠯᠪᠡᠷᠢ ᠶᠢᠨ ᠰᠢᠶᠠᠨ ᠤ ᠬᠡᠪᠴᠢᠶᠡᠨ ᠤ ᠡᠮ ᠡᠮᠴᠢᠯᠡᠭᠡ ᠡᠷᠡᠭᠦᠯ ᠬᠠᠮᠠᠭᠠᠯᠠᠯ ᠤᠨ ᠬᠠᠮᠲᠤ ᠶᠢᠨ ᠴᠣᠭᠴᠠ ᠶᠢ ᠠᠩᠬ᠎ᠠ ᠠᠯᠬᠤᠮ ᠪᠠᠶᠢᠭᠤᠯᠵᠤ᠂ ᠪᠥᠬᠦ ᠤᠯᠤᠰ ᠤᠨ ᠡᠷᠡᠭᠦᠯ ᠡᠩᠬᠡ ᠰᠢᠶᠠᠨ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠰᠢᠯᠢᠳᠡᠭ ᠬᠡᠷᠡᠭ ᠤᠨ ᠵᠢᠱᠢᠶ᠎ᠡ ᠪᠠᠷ ᠦᠨᠡᠯᠡᠭᠳᠡᠪᠡ᠃ ᠪᠥᠬᠦ ᠠᠶᠢᠮᠠᠭ ᠤᠨ ᠠᠩᠬᠠᠳᠠᠭᠴᠢ ︽AED ᠪᠠᠴᠢᠮ ᠠᠪᠤᠷᠠᠯᠳᠠ ᠶᠢᠨ ᠰᠠᠶᠢᠨ ᠲᠤᠷ᠎ᠠ ᠶᠢᠨ ᠦᠢᠯᠡᠴᠢᠯᠡᠭᠡᠨ ᠤ ᠬᠤᠯᠪᠣᠭ᠎ᠠ︾ ᠶᠢ ᠪᠠᠶᠢᠭᠤᠯᠵᠤ᠂ ᠪᠥᠬᠦ ᠣᠷᠣᠨ ᠤ ᠠᠩᠬᠠᠳᠤᠭᠠᠷ ᠬᠤᠭᠤᠴᠠᠭᠠᠨ ᠤ ︽ᠤᠯᠠᠭᠠᠨ ᠬᠡᠶᠢᠲᠦ ᠪᠥᠮᠪᠦᠭᠡ ᠶᠢᠨ ᠥᠷᠢᠰᠥᠯᠳᠦᠭᠡᠨ ᠤ ᠤᠷᠤᠯᠳᠤᠭᠠᠨ︾ ᠢ ᠡᠷᠭᠢᠯᠡᠵᠦ᠂ ︽ᠨᠡᠪᠲᠡᠷᠡᠯᠴᠡᠭᠰᠡᠨ ᠬᠡᠯᠪᠡᠷᠢ︾᠂ ︽ᠡᠪᠡᠳᠴᠢᠨ ᠢ ᠰᠡᠷᠭᠡᠶᠢᠯᠡᠬᠦ ᠬᠡᠯᠪᠡᠷᠢ︾ ᠶᠢ ᠬᠠᠷᠢᠯᠴᠠᠨ ᠤᠶᠠᠯᠳᠤᠭᠤᠯᠤᠭᠰᠠᠨ ᠡᠮᠴᠢᠯᠡᠭᠡᠨ ᠤ ᠦᠢᠯᠡᠴᠢᠯᠡᠭᠡᠨ ᠤ ᠰᠢᠰᠲ᠋ᠧᠮ ᠢ ᠬᠦᠴᠦᠯᠡᠨ ᠪᠠᠶᠢᠭᠤᠯᠤᠨ᠎ᠠ᠃
 
ᠢᠷᠡᠯᠲᠡ᠄ ᠦᠪᠤᠷ ᠮᠤᠩᠭᠤᠯ ᠤᠨ ᠡᠳᠤᠷ ᠤᠨ ᠰᠤᠨᠢᠨ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号