ᠷᠠᠰᠢᠶᠠᠨ ᠤ ︽ᠨᠤᠲᠤᠭ ᠤᠨ ᠣᠨᠴᠠ ᠭᠠᠷᠤᠯᠲᠠ︾ ᠪᠡᠭᠡᠵᠢᠩ ᠬᠤᠳᠠ ᠶᠢᠨ ᠠᠷᠠᠳ ᠤᠨ ᠬᠦᠷᠢᠶᠡᠯᠡᠯ ᠢ ᠤᠯᠵᠥ ᠪᠤᠢ
ᠨᠡᠶᠢᠲᠡᠯᠡᠭᠰᠡᠨ ᠴᠠᠭ᠄
2025/1/24
      ᠤᠢᠢᠷ᠎ᠠ ᠳᠤ᠂ ︽ᠷᠠᠰᠢᠶᠠᠨ ᠤ ᠦᠨᠦᠷ ᠠᠮᠳᠠ ᠪᠡᠭᠡᠵᠢᠩ ᠬᠤᠳᠠ ᠪᠠᠷ ᠬᠠᠩᠬᠤᠯᠤᠨ᠎ᠡ︾ ᠭᠡᠬᠦ ᠷᠠᠰᠢᠶᠠᠨ ᠬᠤᠳᠠ ᠶᠢᠨ ᠤᠨᠴᠠᠯᠢᠬᠳᠦ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠳᠦᠭᠡᠭᠳᠡᠬᠦᠨ ᠤ ᠲᠡᠯᠭᠡᠨ ᠪᠤᠷᠤᠯᠠᠭᠤᠯᠭ᠎ᠠ ᠶᠢᠨ ᠠᠵᠢᠯᠯᠠᠭ᠎ᠠ ᠶᠢᠨ ᠡᠬᠢᠯᠡᠯᠳᠡ ᠶᠢᠨ ᠶᠤᠰᠤᠯᠠᠯ ᠵᠢᠴᠢ ︽ᠬᠢᠩᠭᠠᠨ ᠤ ᠰᠢᠯᠢᠳᠡᠭ ᠪᠠᠷᠠᠭ᠎ᠠ︾ ᠶᠢ ᠪᠡᠭᠡᠵᠢᠩ ᠳᠤ ᠤᠷᠤᠭᠤᠯᠬᠤ ᠠᠮᠢ ᠠᠬᠤᠢ ᠶᠢᠨ ᠲᠠᠷᠢᠶᠠᠯᠠᠩ ᠤᠨ ᠪᠦᠳᠦᠭᠡᠭᠳᠡᠬᠦᠨ ᠢ ᠲᠡᠯᠭᠡᠷᠡᠬᠦᠯᠬᠦ ᠠᠵᠢᠯᠯᠠᠭ᠎ᠠ ᠰᠤᠶᠤᠯ ᠪᠠ ᠵᠢᠭᠤᠯᠴᠢᠯᠠᠯ ᠤᠨ ᠶᠠᠮᠤᠨ ᠤ ᠬᠤᠶᠢᠳᠦ ᠲᠤᠭᠤᠷᠢᠭ ᠤᠨ ᠪᠠᠶᠢᠭᠤᠯᠭ᠎ᠠ ᠳᠤ ᠶᠠᠪᠤᠭᠳᠠᠪᠠ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠳᠡᠯᠭᠡᠨ ᠦᠵᠡᠭᠦᠯᠬᠦ ᠲᠠᠶᠢᠰᠠᠨ ᠳᠤ ᠮᠥᠭᠦ᠂ ᠷᠠᠰᠢᠶᠠᠨ ᠪᠤᠯᠠᠬ ᠤᠨ ᠤᠰᠤ᠂ ᠴᠠᠭᠠᠨ ᠮᠥᠭᠦ ᠶᠢᠨ ᠵᠢᠶᠠᠩ᠂  ᠪᠦ᠋ ᠯᠢᠦ ᠺᠧ ᠵᠡᠷᠭᠡ ᠠᠷᠪᠠᠨ ᠲᠦᠷᠦᠯ ᠤᠨ ᠰᠢᠯᠢᠳᠡᠭ ᠤᠨᠴᠠᠯᠢᠬᠳᠦ ᠪᠦᠳᠦᠭᠡᠭᠳᠡᠬᠦᠨ ᠢ ᠲᠡᠯᠬᠡᠵᠥ᠂ ᠪᠡᠭᠡᠵᠢᠩ ᠬᠤᠳᠠ ᠶᠢᠨ ᠮᠠᠰᠢ ᠤᠯᠠᠨ ᠬᠤᠳᠠ ᠶᠢᠨ ᠠᠷᠠᠳ ᠤᠨ ᠬᠦᠷᠢᠶᠡᠯᠡᠯ ᠢ ᠤᠯᠪᠠ᠃      ᠣᠶᠢᠯᠠᠭᠠᠭᠰᠠᠨ ᠢᠶᠠᠷ᠂ ᠲᠤᠰ ᠤᠳᠠᠭᠠᠨ ᠤ ᠳᠡᠯᠭᠡᠨ ᠪᠣᠷᠣᠯᠠᠭᠤᠯᠭ᠎ᠠ ᠶᠢᠨ ᠠᠵᠢᠯᠯᠠᠭ᠎ᠠ ᠨᠢ ᠠᠵᠢᠯ ᠲᠦᠷᠦᠯ ᠢᠶᠠᠷ ᠬᠠᠮᠵᠢᠯᠴᠠᠬᠤ ᠪᠠ ᠲᠦᠪ ᠠᠴᠠ ᠴᠡᠭ ᠲᠤᠭᠳᠠᠭᠠᠨ ᠬᠠᠪᠰᠤᠷᠤᠨ ᠲᠡᠳᠬᠦᠬᠦ ᠲᠦᠷᠦ ᠶᠢᠨ ᠪᠤᠳᠤᠯᠭ᠎ᠠ ᠳᠤ ᠲᠦᠰᠢᠭᠯᠡᠵᠦ᠂ 2025 ᠣᠨ ᠤ ᠴᠠᠭᠠᠨ ᠰᠠᠷ᠎ᠠ ᠵᠢᠴᠢ ᠴᠠᠭᠠᠨ ᠰᠠᠷ᠎ᠠ ᠶᠢᠨ ᠠᠷᠪᠠᠨ ᠲᠠᠪᠤᠨ ᠤ ᠥᠯᠵᠡᠶᠢᠲᠦ ᠡᠳᠦᠷ ᠤᠨ ᠪᠠᠶᠠᠷ ᠪᠤᠯᠳᠠᠯ᠎ᠡ ᠦᠷᠬᠦᠯᠵᠢᠯᠡᠵᠤ᠂ ᠷᠠᠰᠢᠶᠠᠨ ᠤ ᠪᠣᠬᠢᠷᠲᠤᠯ ᠥᠬᠡᠶ ᠲᠠᠷᠢᠶᠠᠯᠠᠩ ᠤᠨ ᠪᠦᠲᠦᠭᠡᠭᠳᠡᠬᠦᠨ ᠤ ᠨᠡᠷ᠎ᠠ ᠠᠯᠳᠠᠷᠰᠢᠯ ᠢ ᠪᠥᠬᠦ ᠲᠠᠯ᠎ᠠ ᠪᠠᠷ ᠲᠡᠭᠡᠭᠰᠢᠯᠡᠬᠦᠯᠦᠨ᠂ ᠤᠷᠳᠦ ᠬᠤᠭᠤᠴᠠᠭᠠᠨ ᠤ ᠲᠤᠭᠳᠠᠪᠤᠷᠢᠳᠠᠢ ᠪᠤᠷᠤᠯᠠᠭᠤᠯᠭ᠎ᠠ ᠶᠢᠨ ᠠᠷᠭ᠎ᠠ ᠵᠠᠮ ᠢ ᠦᠷᠭᠡᠳᠭᠡᠨ ᠪᠠᠶᠢᠭᠤᠯᠵᠦ᠂ ᠦᠢᠯᠡᠳᠪᠦᠷᠢᠯᠡᠯ ᠤᠨ ᠡᠬᠢ ᠡᠭᠦᠰᠦᠯ ᠠᠴᠠ ᠬᠤᠳᠠ ᠶᠢᠨ ᠠᠷᠠᠳ ᠲᠤ ᠨᠢᠭᠤᠷᠳᠠᠨ ᠬᠤᠳᠠᠯᠳᠤᠬᠤ ᠬᠦᠷᠳᠡᠯᠡᠬᠢ ᠵᠤᠯᠭᠠᠯᠴᠠᠭ᠎ᠠ ᠶᠢ ᠦᠨᠡᠨᠬᠦ ᠪᠠᠳᠤᠯᠠᠵᠦ᠂ ᠭᠠᠵᠠᠷ ᠤᠷᠤᠨ ᠤ ᠠᠵᠦ ᠦᠢᠯᠡᠰ ᠤᠨ ᠬᠦᠭᠵᠢᠯᠳᠡ ᠳᠤ ᠦᠷᠬᠦᠯᠵᠢᠯᠡᠨ ᠠᠮᠢᠵᠢᠷᠠᠯ ᠤᠨ ᠬᠦᠴᠦᠨ ᠤᠯᠭᠤᠬᠤ ᠪᠤᠯᠤᠨ᠎ᠠ᠃ ︵ᠰᠢᠤᠢ ᠸᠧᠨ ᠵᠢᠶᠦ᠋ᠨ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号