1 ᠰᠠᠷ᠎ᠠ ᠶᠢᠨ 23 ᠤ ᠡᠳᠤᠷ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠷᠠᠰᠢᠶᠠᠨ ᠬᠤᠳᠠ ᠶᠢᠨ | ᠲᠠᠪᠤᠳᠤᠭᠠᠷ ᠬᠤᠭᠤᠴᠠᠭᠠᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠲᠠᠪᠤᠳᠤᠭᠠᠷ ᠤᠳᠠᠭᠠᠨ ᠤ ᠪᠦᠬᠦᠳᠡ ︵ | ᠦᠷᠭᠡᠳᠭᠡᠭᠰᠡᠨ︶ ᠬᠤᠷᠠᠯ ᠬᠤᠷᠠᠯᠳᠣᠭᠤᠯᠪᠡ᠃ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠠᠵᠢᠯ ᠤᠨ ᠵᠥᠪᠯᠡᠯ ᠤᠨ ᠳᠡᠳ᠋ ᠡᠷᠬᠢᠯᠡᠭᠴᠢ᠂ ᠬᠤᠲᠠ ᠶᠢᠨ ᠨᠠᠮ ᠤᠨ ᠬᠤᠷᠢᠶᠠᠨ ᠤ ᠱᠦᠵᠢ ᠶᠠᠩ ᠶᠦᠩ ᠵᠢᠦ | ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠡᠷᠬᠢᠮᠲᠦ᠂ ᠵᠤᠤ ᠳ᠋ᠧ ᠴᠢᠤᠸᠠᠨ᠂ ᠵᠠᠩ ᡁᠢ ᠵᠢᠶᠦ᠋ᠨ ᠵᠡᠷᠭᠡ | ᠬᠤᠳᠠ ᠶᠢᠨ ᠤᠳᠤᠷᠢᠳᠤᠯᠭ᠎ᠠ ᠬᠤᠷᠠᠯ ᠳᠤ ᠣᠷᠣᠯᠴᠠᠵᠤ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ | ᠶᠠᠨ ᠮᠤᠤ ᠯᠢᠨ ᠬᠤᠷᠠᠯ ᠢ ᠡᠷᠬᠢᠯᠡᠭᠰᠡᠨ ᠪᠥᠭᠡᠳ 2025 ᠣᠨ ᠤ ᠪᠦᠬᠦ ᠬᠤᠳᠠ ᠶᠢᠨ ᠪᠦᠬᠦ ᠲᠠᠯ᠎ᠠ ᠪᠠᠷ ᠨᠠᠮ ᠢ | ᠴᠢᠩᠭ᠎ᠠ ᠵᠠᠰᠠᠬᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠡᠯ ᠢ ᠡᠰᠡᠷᠭᠦᠴᠡᠬᠦ | ᠠᠵᠢᠯ ᠤᠨ ᠡᠭᠦᠷᠭᠡ ᠶᠢ ᠪᠠᠶᠢᠷᠢᠯᠠᠭᠤᠯᠪᠠ᠃ ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ | ᠪᠠᠶᠢᠴᠠᠭᠠᠬᠤ ᠵᠥᠪᠯᠡᠯ ᠤᠨ ᠬᠠᠮᠢᠶ᠎ᠠ ᠪᠥᠬᠦᠶ ᠨᠥᠬᠦᠳ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃ | ᠬᠤᠷᠠᠯ ᠠᠴᠠ᠂ ︽ᠬᠤᠶᠠᠷ ᠢ ᠬᠠᠮᠠᠭᠠᠯᠠᠬᠤ︾ ᠦᠨᠳᠦᠰᠦᠨ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠨᠢᠭᠡ ᠭᠤᠣᠯ ᠰᠢᠵᠢᠮ ᠢ ᠲᠤᠭᠤᠰᠢᠯᠠᠭᠤᠯᠬᠤ᠂ ᠬᠤᠶᠠᠷ ᠶᠡᠭᠡ | ᠶᠠᠪᠤᠳᠠᠯ ᠢ ᠰᠠᠶᠢᠲᠤᠷ ᠬᠢᠬᠦ᠂ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ᠂ ︽ᠵᠢᠷᠭᠤᠭᠠᠨ ᠢᠨᠵᠧᠨᠧᠷᠢᠩ | ︾ ᠢ ᠬᠡᠷᠡᠭᠵᠢᠭᠦᠯᠬᠦ᠂ ︽ᠵᠢᠷᠭᠤᠭᠠᠨ ᠠᠵᠢᠯᠯᠠᠭ᠎ᠠ︾ ᠪᠠ ᠠᠶᠢᠮᠠᠭ ᠤᠨ ᠨᠠᠮ ᠤᠨ ᠬᠤᠷᠢᠶᠠᠨ ᠤ ︽ᠲᠠᠪᠤᠨ ᠨᠢᠭᠡᠳᠦᠭᠡᠷ | ︾ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠵᠤ᠂ ᠭᠤᠣᠯᠳᠠᠯᠭ᠎ᠠ ᠲᠠᠢ ᠬᠦᠴᠢᠷ ᠲᠦᠪᠡᠭᠲᠡᠢ | ᠥᠭᠡᠷᠡᠴᠢᠯᠡᠯᠲᠡ ᠶᠢᠨ ᠡᠭᠦᠷᠭᠡ ᠶᠢᠨ ᠲᠣᠭᠤᠷᠢᠨ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠪᠠ ᠬᠤᠳᠠ ᠶᠢᠨ ᠨᠠᠮ ᠤᠨ | ᠬᠤᠷᠢᠶᠠᠨ ᠤ ᠳᠣᠯᠣᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ | ᠰᠠᠶᠢᠵᠢᠷᠠᠭᠤᠯᠬᠤ ᠠᠵᠢᠯ ᠢ ᠲᠤᠪᠤᠶᠢᠮ᠎ᠠ ᠰᠠᠶᠢᠲᠤᠷ ᠠᠳᠬᠤᠵᠤ᠂ ᠴᠡᠭᠴᠡᠯᠡᠨ ᠰᠠᠶᠢᠵᠢᠷᠠᠭᠤᠯᠬᠤ ︽ᠨᠢᠭᠡ ᠱᠤᠭᠤᠮ︾ | ᠤᠨ ᠠᠵᠢᠯ ᠤᠨ ᠲᠣᠭᠲᠠᠴᠠ ᠶᠢ ᠦᠷᠭᠦᠯᠵᠢᠯᠡᠨ ᠪᠦᠷᠢᠨᠰᠢᠬᠦᠯᠵᠦ᠂ ︽ᠬᠤᠶᠠᠷ ᠢ ᠬᠠᠮᠠᠭᠠᠯᠠᠬᠤ︾ ᠶᠢ ᠪᠣᠳᠠᠲᠠᠢ ᠳᠤ | ᠨᠠᠶᠢᠳᠠᠪᠤᠷᠢᠵᠢᠭᠤᠯᠬᠤ ᠶᠢ ᠨᠡᠩ ᠰᠠᠶᠢᠲᠤᠷ ᠱᠠᠯᠠᠪᠳᠠᠭᠤᠯᠤᠨ ᠠᠬᠢᠭᠤᠯᠬᠤ ᠬᠡᠷᠡᠭᠲᠡᠢ᠃ ᠰᠠᠬᠢᠯᠭ᠎ᠠ ᠪᠠᠲᠤ ᠶᠢ ᠰᠤᠷᠬᠤ᠂ | ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠣᠶᠢᠯᠠᠭᠠᠬᠤ᠂ ᠰᠠᠬᠢᠯᠭ᠎ᠠ ᠪᠠᠲᠤ ᠶᠢ ᠰᠠᠬᠢᠬᠤ ᠶᠢ | ᠪᠠᠶᠢᠩᠭᠤᠵᠢᠭᠤᠯᠤᠨ ᠠᠬᠢᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ | ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠵᠦ᠂ ᠪᠠᠶᠢᠩᠭᠤ ᠶᠢᠨ ᠴᠢᠨᠠᠷ ᠪᠠ ᠲᠥᠪᠯᠡᠷᠡᠯ ᠤᠨ ᠴᠢᠨᠠᠷ ᠢ | ᠤᠶᠠᠯᠳᠤᠭᠤᠯᠤᠭᠰᠠᠨ ᠰᠠᠬᠢᠯᠭ᠎ᠠ ᠪᠠᠲᠤ ᠶᠢᠨ ᠬᠥᠮᠦᠵᠢᠯ ᠤᠨ ᠲᠣᠭᠲᠠᠴᠠ ᠶᠢ ᠪᠠᠶᠢᠭᠤᠯᠵᠤ᠂ ᠨᠠᠮ ᠤᠨ ᠰᠠᠬᠢᠯᠭ᠎ᠠ | ᠪᠠᠲᠤ ᠶᠢ ᠴᠢᠩᠭᠠᠳᠬᠠᠬᠤ ᠪᠠ ᠨᠠᠮᠴᠢ ᠴᠢᠨᠠᠷ ᠢ ᠴᠢᠩᠭᠠᠳᠬᠠᠬᠤ ᠶᠢ ᠤᠶᠠᠯᠳᠤᠭᠤᠯᠵᠤ᠂ ᠰᠠᠬᠢᠯᠭ᠎ᠠ ᠪᠠᠲᠤ ᠶᠢ ᠰᠠᠬᠢᠬᠤ | ᠪᠠ ᠪᠣᠳᠠᠲᠠᠶ ᠠᠵᠢᠯᠯᠠᠬᠤ ᠶᠢ ᠴᠢᠬᠤᠯᠠᠴᠢᠯᠠᠵᠦ᠂ ᠨᠠᠮ ᠤᠨ ᠭᠡᠰᠢᠭᠦᠨ᠂ ᠺᠠᠳ᠋ᠷ ᠢ ᠵᠢᠯᠣᠭᠤᠳᠴᠤ ᠪᠤᠰᠤᠳ ᠢ | ᠱᠠᠭᠠᠷᠳᠠᠬᠤ ᠶᠢ ᠦᠪᠡᠷ ᠢ ᠪᠠᠨ ᠱᠠᠭᠠᠷᠳᠡᠬᠤ ᠪᠠᠷᠢᠮᠵᠢᠶ᠎ᠠ ᠪᠣᠯᠭᠠᠵᠤ᠂ ᠡᠳᠦᠷ ᠲᠤᠲᠤᠮ ᠤᠨ ᠦᠭᠡ ᠶᠠᠷᠢᠶ᠎ᠠ ᠦᠢᠯᠡ | ᠠᠵᠢᠯᠯᠠᠭ᠎ᠠ ᠶᠢᠨ ᠪᠠᠷᠢᠮᠵᠢᠶ᠎ᠠ ᠪᠣᠯᠭᠠᠨ ᠬᠤᠪᠢᠷᠠᠭᠤᠯᠬᠤ ᠬᠡᠷᠡᠭᠲᠡᠶ᠃ ︽ᠲᠦᠷᠪᠡᠨ ᠰᠤᠷᠲᠠᠯ︾ ᠤᠨ ᠠᠰᠠᠭᠤᠳᠠᠯ ᠢ | ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ | ᠪᠣᠯ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠠᠬᠢᠭᠤᠯᠬᠤ ᠴᠢᠬᠤᠯᠠ ᠬᠦᠴᠦᠨ ᠮᠥᠨ᠂ ᠢᠮᠠᠭᠲᠠ | ᠲᠡᠮᠦᠷ ᠲᠠᠪᠳᠡᠬᠤ ᠳᠤ ᠡᠷᠬᠡᠪᠰᠢ ᠲᠤᠰ ᠪᠡᠶ᠎ᠡ ᠴᠢᠩᠭ᠎ᠠ ᠪᠠᠶᠢᠬᠤ ᠲᠠᠢ ᠠᠳᠡᠯᠢ ᠪᠠᠷ ᠡᠭᠦᠷᠭᠡ ᠬᠠᠷᠢᠭᠤᠴᠠᠯᠭ᠎ᠠ ᠪᠠᠨ | ᠦᠨᠡᠨᠴᠢ ᠪᠠᠷ ᠭᠦᠢᠴᠡᠳᠬᠡᠵᠦ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ | ᠥᠭᠡᠷᠡᠴᠢᠯᠡᠯᠲᠡ ᠶᠢ ᠴᠢᠨᠠᠭᠰᠢᠳᠠ ᠭᠦᠨᠵᠡᠭᠡᠶᠢᠷᠡᠭᠦᠯᠣᠨ᠂ ᠳᠣᠲᠣᠭᠠᠳᠤ ᠡᠵᠡᠮᠳᠡᠯ ᠤᠨ ᠲᠣᠭᠲᠠᠴᠠ ᠶᠢ ᠪᠦᠷᠢᠨᠰᠢᠬᠦᠯᠦᠨ | ᠲᠡᠭᠦᠯᠳᠡᠷᠵᠢᠭᠦᠯᠵᠦ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ᠂ ᠵᠣᠷᠢᠭᠲᠠᠢ ᠴᠢᠳᠠᠮᠠᠭᠠᠢ | ᠲᠡᠮᠡᠴᠡᠯ ᠬᠢᠬᠦ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠲᠡᠮᠦᠷ ᠴᠡᠷᠢᠭ ᠠᠩᠬᠢ ᠶᠢ ᠪᠠᠶᠢᠭᠤᠯᠵᠤ᠂ | ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠪᠠᠬᠢᠵᠢᠭᠦᠯᠦᠨ ᠬᠥᠭᠵᠢᠭᠦᠯᠬᠦ ᠳᠤ ᠨᠡᠩ ᠶᠡᠭᠡ | ᠬᠤᠪᠢ ᠨᠡᠮᠡᠷᠢ ᠦᠵᠡᠭᠦᠯᠬᠦ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ | ᠳᠤᠭᠤᠶᠢᠯᠠᠩ︶ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠠᠵᠢᠯ ᠢᠶᠠᠨ ᠥᠷᠨᠢᠭᠦᠯᠬᠦ ᠶᠢ | ᠶᠡᠭᠡ ᠪᠠᠷ ᠳᠡᠮᠵᠢᠵᠦ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ | ᠬᠥᠭᠵᠢᠯᠲᠡ ᠳᠤ ᠰᠠᠶᠢᠨ ᠰᠠᠶᠢᠬᠠᠨ ᠨᠥᠬᠦᠴᠡᠯ ᠪᠦᠷᠢᠯᠳᠦᠭᠦᠯᠦᠨ ᠥᠭᠴᠦ᠂ ᠪᠠᠲᠤ ᠴᠢᠩᠭ᠎ᠠ ᠲᠦᠰᠢᠭ ᠪᠣᠯᠬᠤ | ᠬᠡᠷᠡᠭᠲᠡᠢ ᠭᠡᠵᠦ ᠴᠢᠬᠤᠯᠠᠴᠢᠯᠠᠪᠠ᠃ | |