ᠤᠢᠢᠷ᠎ᠠ ᠳᠤ᠂ ᠶᠠᠫᠣᠨ ᠤ ᠪᠧᠶᠢᠳᠦ᠋ ᠬᠤᠳᠠ ᠳᠤ ᠶᠠᠪᠤᠭᠳᠠᠭᠰᠠᠨ 26 ᠳ᠋ᠤᠭᠠᠷ ᠬᠤᠭᠤᠴᠠᠭᠠᠨ ᠤ ᠤᠯᠠᠨ | ᠤᠯᠤᠰ ᠤᠨ ᠲᠤᠳᠤᠷᠭᠠᠨ ᠢᠳᠡᠭᠡᠨ ᠤ ᠠᠮᠳᠠ ᠶᠢ ᠰᠢᠯᠭᠠᠨ ᠦᠨᠡᠯᠡᠬᠦ ᠶᠡᠭᠡ ᠬᠤᠷᠠᠯ ᠲᠡᠭᠡᠷ᠎ᠠ᠂ ᠬᠢᠩᠭᠠᠨ ᠠᠶᠢᠮᠠᠭ ᠤᠨ | ᠲᠤᠳᠤᠷᠭ᠎ᠠ ᠰᠢᠯᠢᠳᠡᠭ ᠴᠢᠨᠠᠷ ᠴᠢᠨᠰᠠᠭ᠎ᠠ ᠪᠠ ᠦᠪᠡᠷᠮᠢᠴᠠ ᠠᠮᠳᠠ ᠪᠠᠷ ᠢᠶᠠᠨ ᠪᠦᠬᠦ ᠪᠦᠮᠪᠦᠷᠴᠡᠭ ᠤᠨ 5000 | ᠭᠠᠷᠤᠢ ᠴᠢᠨᠠᠷ ᠰᠠᠶᠢᠳᠠᠢ ᠲᠤᠳᠤᠷᠭ᠎ᠠ ᠶᠢᠨ ᠦᠯᠢᠭᠡᠷ ᠡᠳ᠋ ᠲᠤᠳᠤᠷ᠎ᠠ ᠠᠴᠠ ᠴᠤᠯᠭᠤᠷᠠᠨ ᠭᠠᠷᠴᠦ᠂ ᠤᠨᠴᠠ ᠰᠢᠯᠢᠳᠡᠭ | ᠱᠠᠩᠨᠠᠯ ᠬᠦᠷᠳᠡᠭᠰᠡᠨ ᠪᠠᠶᠢᠨ᠎ᠠ᠃ | ᠤᠯᠠᠨ ᠤᠯᠤᠰ ᠤᠨ ᠲᠤᠳᠤᠷᠭᠠᠨ ᠢᠳᠡᠭᠡᠨ ᠤ ᠠᠮᠳᠠ ᠶᠢ ᠰᠢᠯᠭᠠᠨ ᠦᠨᠡᠯᠡᠬᠦ ᠶᠡᠭᠡ ᠬᠤᠷᠠᠯ ᠨᠢ ᠪᠦᠬᠦ | ᠪᠦᠮᠪᠦᠷᠴᠡᠭ ᠤᠨ ᠲᠤᠳᠤᠷᠭ᠎ᠠ ᠶᠢᠨ ᠬᠦᠷᠢᠶᠡᠨ ᠳᠠᠬᠢ ᠬᠠᠮᠤᠭ ᠤᠨ ᠦᠨᠳᠦᠷ ᠰᠢᠯᠭᠠᠨ ᠦᠨᠡᠯᠡᠬᠦ ᠤᠷᠤᠯᠳᠤᠭᠠᠨ | ᠪᠤᠯᠤᠭᠰᠠᠨ ᠤ ᠬᠤᠪᠢ ᠳᠤ ︽ᠲᠤᠳᠤᠷᠭ᠎ᠠ ᠶᠢᠨ ᠣᠯᠢᠮᠫᠢᠺ︾ ᠭᠡᠵᠦ ᠠᠯᠳᠠᠷᠰᠢᠭᠰᠠᠨ ᠶᠤᠮ᠃ ᠲᠤᠰ ᠤᠳᠠᠭᠠᠨ ᠤ | ᠦᠪᠡᠳᠡᠭᠰᠢ ᠴᠤᠭᠯᠠᠭᠠᠨ ᠳᠤ᠂ ᠲᠤᠮᠳᠠᠳᠦ ᠤᠯᠤᠰ ᠤᠨ ᠴᠢᠨᠠᠷ ᠰᠠᠶᠢᠳᠠᠢ ᠲᠤᠳᠤᠷᠭ᠎ᠠ ᠦᠢᠯᠡᠳᠪᠦᠷᠢᠯᠡᠬᠦ 34 ᠠᠵᠦ | ᠠᠬᠤᠶᠢᠯᠠᠯ ᠤᠨ 57 ᠦᠯᠢᠭᠡᠷ ᠡᠳ᠋ ᠤᠷᠤᠯᠴᠠᠵᠦ᠂ ᠲᠤᠳᠤᠷᠭᠠᠨ ᠢᠳᠡᠭᠡᠨ ᠤ ᠠᠮᠳᠠ ᠶᠢ ᠰᠢᠯᠭᠠᠨ ᠦᠨᠡᠯᠡᠬᠦ | ᠲᠤᠮᠳᠠᠳᠦ ᠤᠯᠤᠰ ᠤᠨ ᠲᠤᠭᠤᠷᠢᠭ ᠤᠨ ᠲᠠᠨᠢᠯᠴᠠᠭᠤᠯᠭ᠎ᠠ ᠪᠠᠷ ᠲᠠᠮᠵᠢᠨ᠂ ᠤᠯᠠᠨ ᠤᠯᠤᠰ ᠤᠨ ᠲᠠᠪᠴᠠᠩ ᠳᠤ | ᠠᠮᠵᠢᠯᠳᠠ ᠲᠠᠢ ᠭᠠᠷᠴᠦ᠂ ᠲᠡᠯᠡᠭᠡᠢ ᠶᠢᠨ ᠡᠯ᠎ᠡ ᠭᠠᠵᠠᠷ ᠤᠨ ᠲᠤᠳᠤᠷᠭ᠎ᠠ ᠶᠢᠨ ᠰᠤᠳᠤᠨ ᠪᠦᠳᠦᠭᠡᠭᠳᠡᠬᠦᠨ ᠲᠠᠢ ᠬᠠᠮᠳᠦ | ᠤᠷᠢᠰᠦᠯᠳᠦᠪᠡ᠃ | ᠤᠷᠤᠯᠳᠤᠭᠠᠨ ᠤ ᠶᠠᠪᠤᠴᠠ ᠴᠢᠩᠭ᠎ᠠ ᠪᠥᠭᠡᠳ ᠬᠤᠷᠴᠠ ᠰᠢᠷᠦᠭᠦᠨ ᠪᠠᠶᠢᠯ᠎ᠠ᠃ ᠨᠢᠭᠡᠳᠦᠭᠡᠷ ᠡᠭᠡᠯᠵᠢ ᠳᠤ᠂ | ᠠᠯᠠᠭ ᠲᠤᠳᠤᠷᠭ᠎ᠠ ᠶᠢᠨ ᠰᠢᠯᠭᠠᠨ ᠪᠠᠶᠢᠴᠠᠭᠠᠯᠳᠠ ᠨᠢ ᠲᠠᠷᠤᠢ ᠲᠦᠢᠯ ᠤᠨ ᠦᠨᠳᠦᠷ ᠪᠤᠱᠤᠭ᠎ᠠ ᠲᠤᠭᠳᠠᠭᠠᠵᠦ᠂ | ᠭᠠᠭᠴᠠ ᠬᠦ ᠢᠳᠡᠭᠡᠨ ᠤ ᠠᠮᠳᠠ ᠶᠢᠨ ᠬᠡᠮᠵᠢᠭᠳᠡᠯ ᠨᠢ 81 ᠬᠤᠪᠢ ᠳᠤ ᠬᠦᠷᠬᠦ ᠪᠤᠶᠤ ᠲᠠᠪᠠᠵᠦ᠂ ᠲᠡᠷᠡᠴᠢᠯᠡᠨ ᠤᠰᠤ᠂ | ᠤᠭᠤᠷᠠᠭ᠂ ᠰᠢᠯᠤᠭᠤᠨ ᠬᠡᠯᠬᠢᠶᠡᠳᠦ ᠴᠠᠷᠳᠠᠭᠤᠯ᠂ ᠦᠭᠡᠬᠦᠨ ᠬᠦᠴᠢᠯ ᠨᠢ ᠴᠦᠮ ᠪᠠᠷᠢᠮᠵᠢᠶ᠎ᠡ ᠳᠤ ᠬᠦᠷᠦᠭᠰᠡᠨ | ᠦᠯᠢᠭᠡᠷ ᠡᠳ᠋ ᠨᠢ ᠰᠠᠶ᠋ᠢ ᠲᠠᠷᠠᠭᠠᠴᠢ ᠶᠢᠨ ᠡᠭᠡᠯᠵᠢ ᠳᠤ ᠤᠷᠤᠵᠦ ᠪᠤᠯᠳᠠᠭ᠃ ᠬᠢᠩᠭᠠᠨ ᠠᠶᠢᠮᠠᠭ ᠤᠨ ᠲᠤᠳᠤᠷᠭ᠎ᠠ | ᠰᠢᠯᠢᠳᠡᠭ ᠴᠢᠨᠠᠷ ᠴᠢᠨᠰᠠᠭ᠎ᠠ ᠪᠠᠷ ᠢᠶᠠᠨ ᠠᠮᠵᠢᠯᠳᠠ ᠲᠠᠢ ᠲᠡᠰ ᠲᠡᠪᠰᠢᠪᠡ᠃ ᠬᠤᠶᠠᠳᠤᠭᠠᠷ ᠡᠭᠡᠯᠵᠢ ᠳᠤ᠂ ᠨᠠᠷᠢᠯᠢᠭ | ᠠᠮᠦ ᠶᠢᠨ ᠠᠮᠳᠠ ᠶᠢᠨ ᠬᠡᠮᠵᠢᠭᠳᠡᠯ ᠤᠨ ᠰᠢᠯᠭᠠᠨ ᠪᠠᠶᠢᠴᠠᠭᠠᠯᠳᠠ ᠨᠢ ᠦᠷᠢᠰᠦᠯᠳᠦᠭᠡᠨ ᠢ ᠨᠠᠩ ᠬᠤᠷᠴᠡ ᠰᠢᠷᠦᠬᠦᠨ | ᠪᠤᠯᠭᠠᠵᠡᠢ᠃ ᠱᠠᠳᠦ ᠱᠠᠳᠦ ᠪᠠᠷ ᠰᠢᠭᠰᠢᠨ ᠰᠤᠩᠭᠤᠬᠤ ᠪᠠᠷ ᠲᠠᠮᠵᠢᠨ᠂ ᠶᠡᠷᠦᠩᠭᠡᠢ ᠬᠤᠪᠢ ᠨᠢ ᠡᠮᠦᠨ᠎ᠡ 40 | ᠨᠡᠷᠡᠰ ᠲᠤ ᠵᠢᠭᠰᠠᠭᠠᠭᠳᠠᠭᠰᠠᠨ ᠲᠤᠳᠤᠷᠭ᠎ᠠ ᠶᠢᠨ ᠦᠯᠢᠭᠡᠷ ᠡᠳ᠋ ᠰᠶᠢᠳᠪᠦᠷᠢᠳᠦ ᠤᠷᠤᠯᠳᠤᠭᠠᠨ ᠳᠤ ᠤᠷᠤᠪᠠ᠃ | ᠡᠴᠦᠰ ᠲᠤ᠂ 30 ᠲᠤᠰᠬᠠᠢ ᠮᠡᠷᠭᠡᠵᠢᠯᠳᠡᠨ ᠤ ᠦᠨᠡᠯᠡᠯᠳᠡ ᠪᠠᠷ ᠲᠠᠮᠵᠢᠨ ᠬᠢᠩᠭᠠᠨ ᠠᠶᠢᠮᠠᠭ ᠤᠨ ᠲᠤᠳᠤᠷᠭ᠎ᠠ | ᠴᠤᠯᠭᠤᠷᠠᠨ ᠭᠠᠷᠴᠦ᠂ ᠤᠨᠴᠠ ᠰᠢᠯᠢᠳᠡᠭ ᠱᠠᠩᠨᠠᠯ ᠬᠦᠷᠳᠡᠵᠡᠢ᠃ | ᠬᠢᠩᠭᠠᠨ ᠠᠶᠢᠮᠠᠭ ᠪᠤᠯ ᠤᠮᠠᠷᠠᠳᠦ ᠦᠷᠭᠡᠷᠢᠭ ᠤᠨ 46。 ᠲᠤ ᠪᠠᠶᠢᠷᠢᠯᠠᠵᠦ᠂ ᠲᠤᠮᠳᠠᠳᠦ ᠤᠯᠤᠰ ᠤᠨ ᠲᠠᠯ᠎ᠠ | ᠨᠤᠳᠤᠭ ᠤᠨ ᠠᠮᠢ ᠠᠬᠤᠢ ᠶᠢᠨ ᠲᠤᠳᠤᠷᠭ᠎ᠠ ᠶᠢᠨ ᠲᠦᠪ ᠭᠡᠰᠡᠨ ᠰᠠᠶᠢᠬᠠᠨ ᠠᠯᠳᠠᠷᠳᠠᠢ ᠶᠤᠮ᠃ ᠡ᠊ᠨᠳᠡ ᠦᠪᠡᠷᠮᠢᠴᠠ | ᠪᠠᠶᠢᠭᠠᠯᠢ ᠶᠢᠨ ᠠᠮᠢ ᠠᠬᠤᠢ ᠶᠢᠨ ᠨᠦᠬᠦᠴᠡᠯ ᠤᠨ ᠲᠠᠪᠠᠭᠤᠯᠢᠭ ᠲᠠᠢ ᠪᠠᠶᠢᠵᠦ᠂ ᠨᠡᠶᠢᠳᠡ ᠪᠠᠷ ᠢᠶᠠᠨ ᠮᠡᠳᠡᠷᠡᠭᠰᠡᠨ | ᠬᠦᠢᠳᠡᠨ ᠤᠷᠤᠨ ᠤ ᠤᠰᠤᠨ ᠲᠤᠳᠤᠷᠭ᠎ᠠ ᠶᠢᠨ ᠦᠢᠯᠡᠳᠪᠦᠷᠢᠯᠡᠯ ᠤᠨ ᠪᠦᠰᠡ ᠪᠤᠯᠤᠨ᠎ᠠ᠃ ᠬᠢᠩᠭᠠᠨ ᠠᠶᠢᠮᠠᠭ ᠤᠨ | ᠲᠤᠳᠤᠷᠭ᠎ᠠ ᠶᠢᠨ ᠢᠳᠡᠭᠡᠨ ᠤ ᠠᠮᠳᠠ ᠪᠠᠷ ᠬᠠᠮᠤᠭ ᠤᠨ ᠦᠨᠳᠦᠷ ᠨᠢ 96 ᠬᠤᠪᠢ ᠳᠤ ᠬᠦᠷᠪᠡ᠃ | ᠬᠢᠩᠭᠠᠨ ᠠᠶᠢᠮᠠᠭ ᠤᠨ ᠲᠤᠲᠤᠷᠭ᠎ᠠ ᠡᠨᠡᠬᠦ ᠢᠷᠠᠭᠤ ᠠᠯᠳᠠᠷ ᠢ ᠬᠦᠷᠳᠡᠭᠰᠡᠨ ᠨᠢ ᠬᠢᠩᠭᠠᠨ ᠠᠶᠢᠮᠠᠭ ᠤᠨ ᠭᠠᠵᠠᠷ | ᠤᠷᠤᠨ ᠤ ᠴᠢᠨᠠᠷ ᠰᠠᠶᠢᠳᠠᠢ ᠲᠤᠳᠤᠷᠭ᠎ᠠ ᠲᠠᠷᠢᠬᠤ ᠮᠡᠷᠭᠡᠵᠢᠯ ᠪᠤᠯᠤᠨ ᠰᠢᠯᠢᠳᠡᠭ ᠴᠢᠨᠠᠷ ᠴᠢᠨᠰᠠᠭ᠎ᠠ ᠶᠢ ᠪᠦᠬᠦ | ᠪᠦᠮᠪᠦᠷᠴᠡᠭ ᠲᠤ ᠮᠡᠳᠡᠷᠡᠬᠦᠯᠵᠦ᠂ ᠡᠨᠡᠬᠦ ᠤᠨᠴᠠᠭᠠᠢ ᠢᠷᠠᠭᠤ ᠠᠯᠳᠠᠷ ᠨᠢ ᠬᠢᠩᠭᠠᠨ ᠠᠶᠢᠮᠠᠭ ᠤᠨ ᠲᠤᠳᠤᠷᠭ᠎ᠠ ᠶᠢᠨ | ᠤᠯᠠᠨ ᠤᠯᠤᠰ ᠤᠨ ᠲᠠᠪᠴᠠᠩ ᠲᠡᠭᠡᠷᠡᠬᠢ ᠦᠷᠢᠰᠦᠯᠳᠦᠬᠦ ᠬᠦᠴᠦᠨ ᠢ ᠢᠯᠡᠷᠡᠬᠦᠯᠦᠭᠰᠡᠨ ᠪᠦᠭᠡᠳ ᠨᠡᠩ ᠤᠯᠠᠨ | ᠲᠤᠳᠤᠷᠭ᠎ᠠ ᠶᠢᠨ ᠠᠵᠦ ᠠᠬᠤᠶᠢᠯᠠᠯ ᠤᠨ ᠭᠠᠷᠮᠠᠭᠠᠢ ᠠᠮᠵᠢᠯᠳᠠ ᠤᠯᠬᠤ ᠶᠢ ᠬᠦᠭᠡᠭᠡᠴᠡᠯᠳᠦᠬᠦ ᠶᠢ ᠵᠤᠷᠢᠭᠵᠢᠭᠤᠯᠵᠦ᠂ | ᠲᠤᠮᠳᠠᠳᠦ ᠤᠯᠤᠰ ᠤᠨ ᠲᠤᠳᠤᠷᠭ᠎ᠠ ᠶᠢᠨ ᠠᠵᠦ ᠦᠢᠯᠡᠰ ᠤᠨ ᠨᠡᠩ ᠴᠢᠨᠠᠷ ᠰᠠᠶᠢᠳᠠᠢ᠂ ᠨᠡᠩ ᠦᠨᠳᠦᠷ ᠲᠦᠪᠰᠢᠨ | ᠲᠡᠶᠢᠰᠢ ᠬᠦᠭᠵᠢᠬᠦ ᠶᠢ ᠠᠬᠢᠭᠤᠯᠬᠤ ᠪᠤᠯᠤᠨ᠎ᠠ᠃ ︵ᠬᠠᠨ ᠢᠤᠢ ᠭᠧ ᠲᠤᠯᠭᠠᠭᠤᠷᠢ︶ |