ᠰᠢᠨ ᠴᠧᠩ ᠵᠡᠭᠡᠯᠢ ᠶᠢᠨ ᠰᠧᠨᠸᠠᠩ ᠨᠡᠶᠢᠭᠡᠮ ᠲᠣᠭᠤᠷᠢᠭ ᠠᠮᠢᠨ ᠬᠡᠷᠡᠭ ᠢ ᠰᠡᠷᠭᠡᠶᠢᠯᠡᠨ ᠡᠵᠡᠮᠳᠡᠵᠦ ᠵᠢᠭᠰᠠᠭᠠᠨ ᠪᠠᠶᠢᠴᠠᠭᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2025/1/8
   1 ᠰᠠᠷ᠎ᠠ ᠶᠢᠨ 7 ᠤ ᠡᠳᠦᠷ᠂ ᠷᠡᠰᠢᠶᠠᠨ ᠬᠤᠳᠡ ᠶᠢᠨ ᠰᠢᠨ ᠴᠧᠩ ᠵᠡᠭᠡᠯᠢ ᠶᠢᠨ ᠰᠧᠨᠸᠠᠩ ᠨᠡᠶᠢᠭᠡᠮ ᠲᠣᠭᠤᠷᠢᠭ ᠨᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠡᠶᠢᠭᠡᠮ ᠤᠨ ᠵᠠᠰᠠᠯᠲᠠ ᠶᠢᠨ ᠠᠯᠪᠠᠨ ᠬᠡᠷ ᠲᠠᠢ ᠬᠠᠮᠲᠤᠷᠠᠨ ᠠᠮᠢᠨ ᠬᠡᠷᠡᠭ ᠢ ᠰᠡᠷᠭᠡᠶᠢᠯᠡᠨ ᠡᠵᠡᠮᠳᠡᠵᠦ ᠵᠢᠭᠰᠠᠭᠠᠨ ᠪᠠᠶᠢᠴᠠᠭᠠᠬᠤ ᠠᠵᠢᠯ ᠢ ᠢᠳᠡᠪᠬᠢᠲᠡᠶ ᠥᠷᠨᠢᠭᠦᠯᠪᠡ᠃    ᠠᠵᠢᠯᠲᠠᠳ ᠬᠠᠷᠢᠶ᠎ᠠ ᠣᠷᠣᠨ ᠳᠠᠭᠠᠨ ᠭᠦᠨᠵᠡᠭᠡᠶᠢᠷᠡᠵᠦ᠂ ᠰᠦᠯᠵᠢᠶᠡᠨ ᠤ ᠪᠠᠭᠠᠷ᠂ ᠬᠤᠳᠠᠯᠳᠤᠭᠠᠨ ᠤ ᠴᠢᠯᠣᠭᠡᠳᠣ ᠳᠡᠯᠭᠡᠭᠦᠷ᠂ ᠬᠤᠭᠤᠯᠠᠨ ᠭᠡᠷ ᠵᠡᠷᠭᠡ ᠶᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠪᠠ᠃ ᠵᠢᠭᠰᠠᠭᠠᠨ ᠪᠠᠶᠢᠴᠠᠭᠠᠬᠤ ᠶᠠᠪᠤᠴᠠ ᠳᠤ᠂ ᠠᠵᠢᠯᠲᠠᠳ ᠬᠥᠷᠰᠢ ᠵᠡᠷᠭᠡᠯᠡᠳᠡᠭᠡ ᠶᠢᠨ ᠵᠢᠭᠤᠷᠠᠯᠳᠤᠭᠠᠨ᠂ ᠭᠡᠷ ᠪᠦᠯᠢ ᠶᠢᠨ ᠵᠥᠷᠢᠴᠡᠯ᠂ ᠥᠷᠢ ᠥᠭᠴᠡᠭᠡᠨ ᠤ ᠵᠢᠭᠤᠷᠠᠯᠳᠤᠭᠠᠨ ᠵᠡᠷᠭᠡ ᠠᠮᠢᠨ ᠬᠡᠷᠡᠭ ᠭᠠᠷᠭᠠᠵᠤ ᠮᠡᠳᠡᠬᠦ ᠳᠠᠯᠳᠠ ᠬᠦᠴᠦᠨ ᠵᠦᠢᠯ ᠢ ᠭᠤᠤᠯᠳᠠᠯᠭ᠎ᠠ ᠲᠠᠢ ᠠᠩᠬᠠᠷᠪᠠ᠃ ᠰᠠᠭᠤᠭᠠᠯᠢ ᠠᠷᠠᠳ ᠲᠠᠢ ᠨᠢᠭᠤᠷᠳᠠᠨ ᠶᠠᠷᠢᠯᠴᠠᠬᠤ ᠪᠠᠷ ᠳᠠᠮᠵᠢᠭᠤᠯᠤᠨ᠂ ᠲᠡᠳᠡᠨ ᠤ ᠠᠮᠢᠳᠤᠷᠠᠯ ᠤᠨ ᠪᠠᠶᠢᠳᠠᠯ ᠪᠠ ᠣᠷᠣᠰᠢᠵᠤ ᠪᠠᠶᠢᠭ᠎ᠠ ᠠᠰᠠᠭᠤᠳᠠᠯ ᠢ ᠣᠶᠢᠯᠠᠭᠠᠬᠤ ᠶᠢᠨ ᠬᠠᠮᠲᠤ ᠲᠡᠳᠡᠨ ᠤ ᠬᠦᠰᠡᠯ ᠱᠠᠭᠠᠷᠳᠠᠯᠭ᠎ᠠ ᠶᠢ ᠬᠦᠯᠢᠴᠡᠩᠭᠦᠶ ᠪᠠᠷ ᠰᠣᠨᠣᠰᠪᠠ᠃ ᠡᠭᠦᠨ ᠤ ᠬᠠᠮᠲᠤ᠂ ᠰᠠᠭᠤᠭᠠᠯᠢ ᠠᠷᠠᠳ ᠲᠤ ᠬᠠᠤᠯᠢ ᠴᠠᠭᠠᠵᠠ ᠬᠠᠤᠯᠢ ᠲᠣᠭᠲᠠᠭᠠᠯ ᠪᠠ ᠠᠮᠤᠷ ᠲᠦᠪᠰᠢᠨ ᠤ ᠰᠡᠷᠭᠡᠶᠢᠯᠡᠯᠲᠡ ᠶᠢᠨ ᠮᠡᠳᠡᠯᠭᠡ ᠶᠢ ᠤᠬᠠᠭᠤᠯᠵᠤ᠂ ᠰᠠᠭᠤᠭᠠᠯᠢ ᠠᠷᠠᠳ ᠤᠨ ᠥᠪᠡᠷ ᠢ ᠪᠠᠨ ᠬᠠᠮᠠᠭᠠᠯᠠᠬᠤ ᠦᠵᠡᠯ ᠤᠬᠠᠮᠰᠠᠷ ᠪᠠ ᠬᠠᠤᠯᠢ ᠶᠣᠰᠣᠭᠠᠷ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠪᠡ᠃   ᠲᠤᠰ ᠤᠳᠠᠭᠠᠨ ᠤ ᠠᠮᠢᠨ ᠬᠡᠷᠡᠭ ᠢ ᠰᠡᠷᠭᠡᠶᠢᠯᠡᠨ ᠡᠵᠡᠮᠳᠡᠵᠦ ᠵᠢᠭᠰᠠᠭᠠᠨ ᠪᠠᠶᠢᠴᠠᠭᠠᠬᠤ ᠠᠵᠢᠯ ᠢᠯᠡᠳᠲᠡ ᠦᠷ᠎ᠡ ᠪᠦᠲᠦᠮᠵᠢ ᠣᠯᠵᠤ᠂ ᠬᠠᠷᠢᠶ᠎ᠠ ᠣᠷᠣᠨ ᠤ ᠪᠠᠨ ᠠᠮᠤᠷ ᠲᠦᠪᠰᠢᠨ ᠤ ᠭᠡᠮ ᠰᠣᠭᠤᠭ ᠢ ᠪᠦᠲᠦᠮᠵᠢᠲᠡᠢ ᠠᠷᠢᠯᠭᠠᠵᠤ᠂ ᠰᠠᠭᠤᠭᠠᠯᠢ ᠠᠷᠠᠳ ᠲᠤ ᠡᠶ᠎ᠡ ᠵᠣᠬᠢᠴᠠᠩᠭᠤᠢ᠂ ᠠᠮᠤᠷ ᠲᠦᠪᠰᠢᠨ ᠠᠮᠢᠳᠤᠷᠠᠯ ᠤᠨ ᠣᠷᠴᠢᠨ ᠲᠣᠭᠤᠷᠢᠨ ᠢ ᠪᠤᠢ ᠪᠣᠯᠭᠠᠵᠤ ᠥᠭᠴᠡᠢ᠃ ᠬᠤᠶᠢᠰᠢᠳᠠ ᠨᠡᠶᠢᠭᠡᠮ ᠲᠣᠭᠤᠷᠢᠭ ᠪᠣᠯᠤᠨ ᠵᠡᠭᠡᠯᠢ ᠭᠤᠳᠤᠮᠵᠢ ᠶᠢᠨ ᠠᠯᠪᠠᠨ ᠬᠡᠷ ᠦᠷᠭᠦᠯᠵᠢᠯᠡᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠵᠢᠭᠰᠠᠭᠠᠨ ᠪᠠᠶᠢᠴᠠᠭᠠᠬᠤ ᠡᠷᠴᠢᠮ ᠢᠶᠠᠨ ᠲᠠᠰᠤᠷᠠᠯᠲᠠ ᠥᠬᠡᠶ ᠴᠢᠩᠭᠠᠷᠠᠭᠤᠯᠤᠨ᠂ ᠬᠠᠷᠢᠶ᠎ᠠ ᠣᠷᠣᠨ ᠤ ᠲᠣᠭᠲᠠᠭᠤᠨ ᠬᠥᠭᠵᠢᠯᠲᠡ ᠶᠢ ᠪᠠᠲᠤᠯᠠᠨ᠎ᠠ
 
ᠢᠷᠡᠯᠲᠡ᠄ ᠪᠦᠯᠬᠦᠮᠳᠡᠨ ᠲᠡᠮᠡᠴᠡᠵᠦ ᠪᠠᠶᠢᠭ᠎ᠠ ᠷᠠᠰᠢᠶᠠᠨ ᠤ ᠷᠢᠳᠢ ᠰᠢᠳᠢ ᠲᠠᠢ ᠰᠢᠨ ᠴᠧᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号