ᠰᠢᠨ ᠴᠧᠩ ᠵᠡᠭᠡᠯᠢ ᠶᠢᠨ ᠾᠧ ᠫᠢᠩ ᠨᠡᠶᠢᠭᠡᠮ ᠲᠣᠭᠤᠷᠢᠭ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠬᠢᠪᠡ
ᠨᠡᠶᠢᠲᠡᠯᠡᠭᠰᠡᠨ ᠴᠠᠭ᠄
2025/1/8
   ᠠᠮᠢᠨ ᠬᠡᠷᠡᠭ ᠡᠭᠦᠰᠬᠦ ᠶᠢ ᠪᠦᠲᠦᠮᠵᠢᠲᠡᠶ ᠰᠡᠷᠭᠡᠶᠢᠯᠡᠨ ᠪᠠᠭᠠᠰᠬᠠᠵᠤ᠂ ᠠᠮᠤᠷ ᠲᠦᠪᠰᠢᠨ ᠲᠣᠭᠲᠠᠭᠤᠨ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠥᠯᠥᠭᠡ᠂ ᠣᠶᠢᠷ᠎ᠠ ᠳᠤ᠂ ᠷᠡᠰᠢᠶᠠᠨ ᠬᠤᠳᠡ ᠶᠢᠨ ᠰᠢᠨ ᠴᠧᠩ ᠵᠡᠭᠡᠯᠢ ᠶᠢᠨ ᠾᠧ ᠫᠢᠩ ᠨᠡᠶᠢᠭᠡᠮ ᠲᠣᠭᠤᠷᠢᠭ  ᠠᠵᠢᠯᠲᠠᠨ ᠪᠠ ᠲᠣᠣᠷᠵᠢᠭᠤᠯᠣᠬᠴᠢ ᠶᠢ ᠵᠣᠬᠢᠶᠠᠨ ᠪᠠᠶᠢᠭᠤᠯᠵᠤ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠬᠢᠪᠡ᠃   ᠲᠣᠣᠷᠵᠢᠭᠤᠯᠣᠬᠴᠢ ᠶᠢᠨ ᠳᠤᠭᠤᠶᠢᠯᠠᠩ ᠡᠷᠦᠬᠡ ᠪᠠᠷ  ᠬᠦᠨᠵᠡᠭᠡᠶᠢᠷᠡᠨ ᠰᠠᠭᠤᠭᠠᠯᠢ ᠠᠷᠠᠳ ᠤᠨ ᠬᠦᠰᠡᠯ ᠱᠠᠭᠠᠷᠳᠠᠯᠭ᠎ᠠ ᠪᠠ ᠰᠠᠨᠠᠯ ᠢ ᠨᠠᠷᠢᠨ ᠬᠢᠨᠠᠮᠠᠭᠠᠶ ᠰᠣᠨᠣᠰᠴᠤ᠂ ᠰᠠᠭᠤᠭᠠᠯᠢ ᠠᠷᠠᠳ ᠤᠨ ᠲᠤᠰᠬᠠᠭᠰᠠᠨ ᠠᠰᠠᠭᠤᠳᠠᠯ ᠢ ᠨᠠᠷᠢᠨ ᠲᠣᠳᠣᠷᠬᠠᠶ ᠲᠡᠮᠳᠡᠭᠯᠡᠬᠦ ᠶᠢᠨ ᠬᠠᠮᠲᠤ ᠴᠠᠭ ᠲᠤᠬᠠᠶ ᠳᠤᠨᠢ ᠮᠥᠷᠳᠡᠨ ᠰᠢᠢᠳᠪᠦᠷᠢᠯᠡᠬᠦ ᠪᠠᠷ ᠠᠮᠠᠯᠳᠠᠪᠠ᠃  ᠡᠨᠡᠬᠦ ᠠᠵᠢᠯᠯᠠᠭ᠎ᠠ ᠨᠢ ᠨᠡᠶᠢᠭᠡᠮ ᠲᠣᠭᠤᠷᠢᠭ ᠪᠣᠯᠤᠨ ᠰᠠᠭᠤᠭᠠᠯᠢ ᠠᠷᠠᠳ ᠤᠨ ᠬᠤᠭᠤᠷᠣᠨᠳᠣᠬᠢ ᠢᠲᠡᠭᠡᠯ ᠢ ᠨᠡᠮᠡᠭᠳᠡᠭᠦᠯᠦᠭᠰᠡᠨ ᠢᠶᠠᠷ ᠪᠠᠷᠠᠬᠤ ᠥᠬᠡᠶ᠂ ᠨᠡᠶᠢᠭᠡᠮ ᠲᠣᠭᠤᠷᠢᠭ ᠤᠨ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠠᠵᠢᠯ ᠢ ᠰᠠᠭᠤᠭᠠᠯᠢ ᠠᠷᠠᠳ ᠲᠤ ᠦᠨᠡᠨ ᠬᠦ ᠮᠡᠳᠡᠷᠡᠭᠦᠯᠦᠭᠰᠡᠨ ᠪᠠᠶᠢᠨ᠎ᠠ᠃    ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠰᠠᠭᠤᠭᠠᠯᠢ ᠠᠷᠠᠳ ᠤᠨ ᠬᠠᠤᠯᠢ ᠪᠠᠷ ᠵᠠᠰᠠᠬᠤ ᠦᠵᠡᠯᠲᠡ ᠪᠠ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠡᠶ᠎ᠡ ᠵᠣᠬᠢᠴᠠᠯ ᠲᠠᠢ ᠲᠣᠭᠲᠠᠭᠤᠨ ᠨᠡᠶᠢᠭᠡᠮ ᠲᠣᠭᠤᠷᠢᠭ ᠤᠨ ᠣᠷᠴᠢᠨ ᠨᠥᠬᠦᠴᠡᠯ ᠢ ᠪᠣᠶ ᠪᠣᠯᠭᠠᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ ᠰᠢᠨ ᠴᠧᠩ ᠵᠡᠭᠡᠯᠢ ᠶᠢᠨ ᠾᠧ ᠫᠢᠩ ᠨᠡᠶᠢᠭᠡᠮ ᠲᠣᠭᠤᠷᠢᠭ ᠤᠨ ᠬᠢᠨ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠠᠵᠢᠯ ᠤᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠤᠯᠠᠨ ᠬᠡᠯᠪᠡᠷᠢ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠶᠢ ᠴᠢᠩᠭᠠᠳᠬᠠᠵᠤ᠂ ᠡᠷᠲᠡ ᠢᠯᠡᠷᠡᠭᠦᠯᠵᠦ᠂ ᠡᠷᠲᠡ ᠬᠠᠮᠢᠶᠠᠷᠴᠤ᠂ ᠡᠷᠲᠡ ᠰᠢᠢᠳᠪᠦᠷᠢᠯᠡᠬᠦ ᠶᠢ ᠪᠡᠶᠡᠯᠡᠭᠦᠯᠵᠦ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠨ᠎ᠠ᠃
 
ᠢᠷᠡᠯᠲᠡ᠄ ᠪᠦᠯᠬᠦᠮᠳᠡᠨ ᠲᠡᠮᠡᠴᠡᠵᠦ ᠪᠠᠶᠢᠭ᠎ᠠ ᠷᠠᠰᠢᠶᠠᠨ ᠤ ᠷᠢᠳᠢ ᠰᠢᠳᠢ ᠲᠠᠢ ᠰᠢᠨ᠎ᠡ ᠬᠤᠲᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号