ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ᠨᠡᠶᠢᠭᠡᠮ ᠲᠣᠭᠤᠷᠢᠭ ᠤᠨ | ᠰᠠᠭᠤᠭᠠᠯᠢ ᠠᠷᠠᠳ ᠤᠨ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠣᠨ ᠂ ᠪᠠᠶᠠᠷ ᠤᠨ ᠡᠳᠦᠷ ᠤᠨ | ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠬᠠᠷᠢᠶ᠎ᠠ ᠣᠷᠣᠨ ᠤ ᠨᠠᠰᠤᠲᠠᠶᠢᠴᠤᠳ ᠤᠨ ᠨᠡᠶᠢᠭᠡᠮ | ᠲᠣᠭᠤᠷᠢᠭ ᠤᠨ ᠰᠣᠶᠣᠯ ᠤᠨ ᠠᠮᠢᠳᠤᠷᠠᠯ ᠳᠤ ᠣᠷᠣᠯᠴᠠᠬᠤ ᠢᠳᠡᠪᠬᠢᠵᠢᠯ ᠢ ᠳᠡᠭᠡᠭᠰᠢᠯᠡᠭᠦᠯᠬᠦ ᠵᠨ ᠲᠥᠯᠥᠭᠡ ᠂ 1 | ᠰᠠᠷ᠎ᠠ ᠶᠢᠨ 7 ᠤ ᠡᠳᠣᠷ᠂ ᠸᠧᠨᠴᠢᠤᠸᠠᠨ ᠵᠡᠭᠡᠯᠢ ᠶᠢᠨ ᠾᠧ ᠪᠢᠨ ᠨᠡᠶᠢᠭᠡᠮ ᠲᠣᠭᠤᠷᠢᠭ ᠰᠠᠭᠤᠭᠠᠯᠢ ᠠᠷᠡᠳ ᠲᠤ ︽ | ᠢᠳᠡᠰᠢᠨ ᠨᠣᠭᠤᠭ᠎ᠠ︾ ᠬᠦᠷᠭᠡᠬᠦ ᠬᠠᠶᠢᠷ᠎ᠡ ᠬᠠᠯᠠᠮᠵᠢ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃ | ᠲᠣᠰ ᠤᠳᠠᠭᠠᠨ ᠤ ᠠᠵᠢᠯᠯᠠᠭ᠎ᠠ ᠶᠢ ᠥᠷᠨᠢᠭᠦᠯᠦᠭᠰᠡᠨ ᠨᠢ ᠨᠡᠶᠢᠭᠡᠮ ᠲᠣᠭᠤᠷᠢᠭ ᠪᠣᠯᠤᠨ | ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠤᠭᠤᠷᠣᠨᠳᠣᠬᠢ ᠬᠠᠷᠢᠴᠠᠭ᠎ᠠ ᠶᠢ ᠨᠢᠬᠳᠡᠷᠡᠭᠤᠯᠵᠣ᠂ ᠨᠡᠶᠢᠭᠡᠮ | ᠲᠣᠭᠤᠷᠢᠭ ᠤᠨ ᠰᠠᠭᠤᠭᠠᠯᠢ ᠠᠷᠡᠳ ᠤᠨ ᠵᠣᠯ ᠵᠢᠷᠭᠠᠯᠳᠣ ᠲᠦᠷᠥᠭᠳᠡᠯ ᠢ ᠨᠡᠮᠡᠭᠳᠡᠭᠦᠯᠵᠡᠶ᠃ ᠠᠵᠢᠯᠯᠠᠭ᠎ᠠ | ᠳᠠᠭᠤᠰᠤᠭᠰᠠᠨ ᠤ ᠳᠠᠷᠠᠭ᠎ᠠ᠂ ᠰᠠᠭᠤᠭᠠᠯᠢ ᠠᠷᠠᠳ᠂ ᠨᠡᠶᠢᠭᠡᠮ ᠲᠣᠭᠤᠷᠢᠭ ᠤᠨ ᠬᠢᠨ ᠨᠠᠩ ᠣᠯᠠᠨ ᠬᠡᠯᠪᠡᠷᠢ | ᠮᠠᠶ᠋ᠢᠭ ᠲᠠᠢ᠂ ᠠᠭᠤᠯᠭ᠎ᠠ ᠪᠠᠷ ᠪᠠᠶᠠᠯᠢᠭ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠨᠡᠶᠢᠭᠡᠮ ᠲᠣᠭᠤᠷᠢᠭ ᠤᠨ | ᠡᠶ᠎ᠡ ᠵᠣᠬᠢᠴᠠᠯ ᠲᠠᠢ ᠡᠷᠡᠭᠦᠯ ᠢᠶᠠᠷ ᠬᠥᠭᠵᠢᠬᠦ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠠ ᠭᠡᠵᠣ ᠢᠯᠡᠳᠭᠡᠪᠡ᠃ |