ᠡᠷᠬᠢᠮᠲᠤ ᠨᠠᠷ ᠡᠷᠬᠢᠨ ᠦᠵᠡᠵᠦ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/1/9
     1 ᠰᠠᠷ᠎ᠠ ᠶᠢᠨ 8 ᠤ ᠡᠳᠦᠷ᠂ ᠷᠠᠰᠢᠶᠠᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠲᠠ ᠶᠢᠨ ᠳᠠᠷᠤᠭ᠎ᠠ ᠡᠷᠬᠢᠮᠲᠦ ᠨᠠᠷ ᠤᠷᠢᠳ ᠬᠤᠵᠢᠳ ᠷᠠᠰᠢᠶᠠᠨ ᠬᠤᠲᠠ ᠶᠢᠨ ᠭᠠᠯ ᠰᠠᠷᠭᠡᠶᠢᠯᠡᠨ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠨᠢᠰᠬᠡᠯ ᠤᠨ ᠪᠠᠭᠤᠳᠠᠯ ᠤᠨ ᠺᠣᠮᠫᠠᠨᠢ ᠵᠢᠴᠢ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭᠠᠲᠤ ᠡᠷᠦᠬᠡ ᠪᠣᠯᠤᠨ ᠠᠮᠢᠳᠤᠷᠠᠯ ᠨᠢ ᠬᠦᠴᠢᠷᠳᠡᠯᠲᠡᠶ ᠴᠡᠷᠢᠭ ᠠᠴᠠ ᠬᠠᠯᠠᠭᠳᠠᠭᠰᠠᠳ ᠤᠨ ᠬᠡᠷ ᠢᠶᠠᠷ ᠬᠦᠷᠴᠦ ᠴᠠᠭᠠᠨ ᠰᠠᠷ᠎ᠠ ᠠᠴᠠ ᠡᠮᠦᠨᠡᠬᠢ ᠲᠥᠪᠯᠡᠷᠡᠭᠦᠯᠦᠨ ᠡᠷᠬᠢᠨ ᠦᠵᠡᠵᠣ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ᠃ ᠬᠤᠲᠠ ᠶᠢᠨ ᠤᠳᠤᠷᠢᠳᠤᠯᠭ᠎ᠠ ᠰᠦᠨ ᠪᠠᠶ ᠴᠤᠸᠠᠨ᠂ ᠵᠣᠣ ᠶᠤᠸᠠᠨ᠂ ᠪᠠᠶ ᠰᠢᠤ ᠮᠧᠶ᠂ ᠵᠣᠣ ᠫᠧᠩ ᠴᠢ᠂ ᠦ᠋ ᠫᠸᠢ᠂ ᠪᠠᠶ ᠹᠧᠩ᠂ ᠤᠣ ᠹᠧᠩ ᠪᠢᠨ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠠᠵᠢᠯᠯᠠᠭ᠎ᠠ ᠳᠤ ᠣᠷᠣᠯᠴᠠᠵᠠᠶ᠃    ᠬᠤᠲᠠ ᠶᠢᠨ ᠭᠠᠯ ᠰᠠᠷᠬᠡᠶᠢᠯᠡᠨ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠳᠤ᠂ ᠡᠷᠬᠢᠮᠲᠤ ᠨᠠᠷ ᠭᠠᠯ ᠰᠠᠷᠭᠡᠶᠢᠯᠡᠨ ᠤᠨᠲᠠᠷᠠᠭᠠᠬᠤ ᠠᠪᠤᠷᠠᠨ ᠲᠤᠰᠠᠯᠠᠬᠤ ᠠᠵᠢᠯ ᠪᠠ ᠡᠩᠨᠡᠭᠡᠨ ᠤ ᠪᠠᠶᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠶᠡᠭᠡ ᠠᠩᠭᠢ ᠶᠢᠨ ᠬᠢᠨ ᠠᠪᠤᠷᠠᠨ ᠲᠤᠰᠠᠯᠠᠬᠤ ᠪᠣᠭᠤᠮᠲᠠ ᠰᠢᠪᠲᠤᠯᠬᠤ᠂ ᠠᠮᠤᠷ ᠲᠦᠪᠰᠢᠨ ᠢ ᠰᠠᠬᠢᠨ ᠬᠠᠮᠠᠭᠠᠯᠠᠬᠤ᠂ ᠲᠡᠷᠢᠭᠦᠨ ᠤ ᠬᠢ ᠶᠢ ᠲᠡᠮᠡᠴᠡᠨ ᠲᠡᠷᠢᠭᠦᠨ ᠤ ᠬᠢ ᠶᠢ ᠡᠭᠦᠳᠬᠦ ᠵᠡᠷᠭᠡ ᠲᠠᠯ᠎ᠠ ᠪᠠᠷ ᠣᠯᠤᠭᠰᠠᠨ ᠲᠤᠪᠤᠶᠢᠮ᠎ᠠ ᠠᠮᠵᠢᠯᠲᠠ ᠪᠦᠲᠦᠮᠵᠢ ᠶᠢ ᠳᠡᠭᠡᠳᠦ ᠬᠡᠮᠵᠢᠶ᠎ᠡ ᠪᠠᠷ ᠨᠤᠲᠠᠯᠠᠬᠤ ᠶᠢᠨ ᠬᠠᠮᠲᠤ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠲᠦᠯᠣᠭᠡᠯᠡᠨ ᠡᠮᠦᠨ᠎ᠡ ᠹᠷᠣᠨᠲ ᠲᠤ ᠪᠠᠶᠢᠭ᠎ᠠ ᠭᠠᠯ ᠰᠠᠷᠭᠡᠶᠢᠯᠡᠨ ᠤᠨᠲᠠᠷᠠᠭᠠᠬᠤ ᠠᠪᠤᠷᠠᠨ ᠲᠤᠰᠠᠯᠠᠬᠤ ᠬᠥᠮᠦᠰ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ᠂ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠪᠡ᠃    ᠨᠢᠰᠬᠡᠯ ᠤᠨ ᠪᠠᠭᠤᠳᠠᠯ ᠤᠨ ᠺᠣᠮᠫᠠᠨᠢ ᠳᠤ᠂ ᠡᠷᠬᠢᠮᠳᠣ ᠺᠣᠮᠫᠠᠨᠢ ᠶᠢᠨ ᠥᠩᠭᠡᠷᠡᠭᠰᠡᠨ ᠨᠢᠭᠡ ᠵᠢᠯ ᠳᠤ ᠣᠯᠤᠭᠰᠠᠨ ᠢᠯᠡᠳᠲᠡ ᠠᠮᠵᠢᠯᠲᠠ ᠵᠢᠴᠢ ᠣᠷᠣᠨ ᠨᠤᠲᠤᠭ ᠤᠨ ᠠᠵᠤ ᠠᠬᠤᠶ ᠳᠤ ᠦᠢᠯᠡᠴᠢᠯᠡᠬᠦ ᠳᠤᠮᠳᠠ ᠦᠵᠡᠭᠦᠯᠦᠭᠰᠡᠨ ᠴᠢᠬᠤᠯᠠ ᠦᠢᠯᠡᠳᠦᠯ ᠢ ᠭᠦᠢᠴᠡᠳ ᠨᠤᠲᠠᠯᠠᠬᠤ ᠶᠢᠨ ᠬᠠᠮᠲᠤ ᠺᠠᠳ᠋ᠷ ᠠᠵᠢᠯᠳᠠᠨ ᠤ ᠰᠢᠨ᠎ᠡ ᠨᠢᠭᠡ ᠵᠢᠯ ᠳᠤ ᠰᠢᠯᠢᠳᠡᠭ ᠰᠤᠷᠲᠠᠯ ᠢᠶᠠᠨ ᠦᠷᠭᠦᠯᠵᠢᠯᠡᠨ ᠪᠠᠳᠠᠷᠠᠭᠤᠯᠵᠤ᠂ ᠲᠤᠬᠠᠶᠢᠯᠠᠭᠰᠠᠨ ᠠᠵᠢᠯ ᠤᠨ ᠪᠠᠶᠢᠷᠢ ᠪᠠᠨ ᠪᠠᠲᠤ ᠰᠠᠬᠢᠵᠤ᠂ ᠨᠢᠰᠬᠡᠯ ᠤᠨ ᠪᠠᠭᠤᠳᠠᠯ ᠤᠨ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠬᠤ ᠶᠢ ᠵᠣᠷᠢᠭᠵᠢᠭᠤᠯᠪᠠ᠃    ᠠᠮᠢᠳᠤᠷᠠᠯ ᠨᠢ ᠬᠦᠴᠢᠷᠳᠡᠯᠲᠡᠢ ᠴᠡᠷᠢᠭ ᠠᠴᠠ ᠬᠠᠯᠠᠭᠳᠠᠭᠰᠠᠳ ᠪᠣᠯᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠷᠦᠬᠡ ᠶᠢᠨ ᠭᠡᠷ ᠲᠤ᠂ ᠡᠷᠬᠢᠮᠳᠣ ᠲᠡᠳᠡᠨ ᠲᠠᠢ ᠰᠡᠳᠬᠢᠯ ᠤᠨ ᠦᠭᠡ ᠪᠠᠨ ᠶᠠᠷᠢᠯᠴᠠᠵᠤ᠂ ᠬᠦᠴᠢᠷ ᠠᠰᠠᠭᠤᠳᠠᠯ ᠢ ᠠᠰᠠᠭᠤᠨ᠂ ᠬᠦᠴᠢᠷ ᠠᠰᠠᠭᠤᠳᠠᠯ ᠢ ᠰᠢᠢᠳᠪᠦᠷᠢᠯᠡᠪᠡ᠃ ᠡᠷᠬᠢᠮᠳᠣ᠂ ᠡᠯ᠎ᠡ ᠨᠢᠭᠡᠴᠢ ᠶᠢᠨ ᠬᠢᠨ ᠬᠦᠴᠢᠷᠳᠡᠯᠲᠡᠢ ᠤᠯᠠᠨ ᠲᠦᠮᠡᠨ ᠤ ᠠᠵᠢᠯ ᠠᠮᠢᠳᠤᠷᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠲᠦᠷ ᠴᠠᠭ ᠤᠨ ᠠᠪᠤᠷᠠᠨ ᠲᠤᠰᠠᠯᠠᠬᠤ᠂ ᠬᠦᠨᠳᠦ ᠡᠪᠡᠳᠴᠢᠨ ᠢ ᠨᠢᠭᠡᠳᠦᠯᠲᠡᠢ ᠲᠥᠯᠥᠪᠵᠢᠭᠦᠯᠬᠦ᠂ ᠤᠳᠠᠭᠠᠨ ᠴᠢᠨᠠᠷᠲᠠᠢ ᠡᠪᠡᠳᠴᠢᠨ ᠤ ᠳᠠᠭᠠᠳᠬᠠᠯ ᠵᠡᠷᠭᠡ ᠡᠯ᠎ᠡ ᠵᠦᠢᠯ ᠤᠨ ᠬᠠᠪᠰᠤᠷᠤᠨ ᠲᠡᠳᠬᠦᠬᠦ ᠪᠠᠲᠤᠯᠠᠭ᠎ᠠ ᠶᠢᠨ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠡᠳᠡᠨ ᠤ ᠪᠠᠶᠠᠷ ᠪᠠᠶᠠᠰᠬᠤᠯᠠᠩ ᠲᠠᠢ ᠥᠯᠵᠡᠢ ᠪᠡᠯᠭᠡ ᠲᠠᠢ ᠴᠠᠭᠠᠨ ᠰᠠᠷ᠎ᠠ ᠪᠠᠨ ᠥᠩᠭᠡᠷᠡᠭᠦᠯᠬᠦ ᠶᠢ ᠪᠠᠲᠤᠯᠠᠵᠤ᠂ ᠤᠯᠠᠨ ᠲᠦᠮᠡᠨ ᠳᠤ ᠨᠠᠮ ᠪᠣᠯᠤᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠦᠨᠡᠨ ᠬᠦ ᠬᠦᠷᠲᠡᠭᠡᠬᠦ ᠬᠡᠷᠡᠭᠲᠡᠢ  ᠭᠡᠵᠣ ᠴᠢᠬᠤᠯᠠᠴᠢᠯᠡᠪᠡ᠃   
 
ᠢᠷᠡᠯᠲᠡ᠄ ᠷᠡᠰᠢᠶᠠᠨ ᠬᠤᠳᠡ ᠶᠢᠨ ᠬᠠᠮ ᠵᠠᠭᠤᠴᠢᠯᠠᠭᠤᠷ ᠤᠨ ᠳᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号