ᠦᠢᠷ᠎ᠠ ᠳᠤ᠂ ᠤᠯᠤᠰ ᠤᠨ ᠴᠠᠬᠢᠯᠭᠠᠨ ᠲᠣᠣᠷ ᠤᠨ ᠬᠢᠩᠭᠠᠨ ᠴᠠᠬᠢᠯᠭᠠᠨ ᠬᠠᠩᠭᠠᠬᠤ ᠺᠣᠮᠫᠠᠨᠢ ᠶᠢᠨ ᠰᠢᠨ᠎ᠡ ᠪᠠᠷ | ᠥᠷᠭᠡᠳᠭᠡᠨ ᠪᠠᠶᠢᠭᠤᠯᠤᠭᠰᠠᠨ ᠷᠠᠰᠢᠶᠠᠨ ᠤ 220 ᠺᠢᠯᠤᠸᠠᠲ ᠬᠦᠴᠦᠳᠡᠯ ᠦᠭᠡᠷᠡᠴᠢᠯᠡᠬᠦ ᠦᠷᠳᠡᠭᠡ ᠵᠢᠩᠬᠢᠨᠢ ᠪᠠᠷ | ᠠᠰᠢᠭᠯᠠᠯᠲᠠ ᠳᠤ ᠤᠷᠤᠪᠠ᠃ ᠲᠤᠰ ᠦᠷᠳᠡᠭᠡ ᠬᠤᠶᠠᠷ ᠰᠠᠤᠷᠢ 120 ᠰᠠᠶ᠎ᠠ ᠸᠣᠯᠲ ᠠᠮᠫᠧᠷ ᠤᠨ ᠭᠤᠣᠯ | ᠬᠤᠪᠢᠰᠤᠯᠲᠠ ᠶᠢ ᠵᠡᠷᠭᠡᠪᠡᠷ ᠶᠠᠪᠤᠭᠳᠠᠭᠤᠯᠵᠤ᠂ ᠷᠠᠰᠢᠶᠠᠨ ᠤ ᠴᠠᠬᠢᠯᠭᠠᠨ ᠬᠠᠨᠭ᠍ᠭᠠᠬᠤ ᠴᠢᠳᠠᠪᠤᠷᠢ ᠶᠢ ᠳᠡᠭᠡᠭᠰᠢᠯᠡᠭᠦᠯᠵᠡᠢ᠃ | ᠠᠰᠢᠭᠯᠠᠯᠲᠠ ᠳᠤ ᠣᠷᠣᠭᠤᠯᠬᠤ ᠥᠭᠡᠷᠡᠴᠢᠯᠡᠯᠲᠡ ᠶᠢᠨ ᠶᠠᠪᠤᠴᠠ ᠳᠤ 66 ᠺᠢᠯᠣᠸᠠᠲ ᠤᠨ 8 ᠰᠠᠦᠷᠢ ᠴᠠᠬᠢᠯᠭᠠᠨ | ᠬᠦᠴᠦᠳᠡᠯ ᠦᠭᠡᠷᠡᠴᠢᠯᠡᠬᠦ ᠥᠷᠲᠡᠭᠡ ᠶᠢ ᠬᠤᠯᠪᠣᠯᠳᠤᠭᠤᠯᠤᠨ ᠷᠠᠰᠢᠶᠠᠨ ᠳᠤ ᠴᠠᠬᠢᠯᠭᠠᠨ ᠬᠠᠩᠭᠠᠵᠤ᠂ | ᠥᠭᠡᠷᠡᠴᠢᠯᠡᠯᠲᠡ ᠶᠢᠨ ᠶᠠᠪᠤᠴᠠ ᠳᠠᠬᠢ ᠬᠡᠪ ᠤᠨ ᠴᠠᠬᠢᠯᠭᠠᠨ ᠬᠠᠩᠭᠠᠯᠲᠠ ᠶᠢ ᠪᠠᠲᠤᠯᠠᠪᠠ᠃ | ᠷᠠᠰᠢᠶᠠᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠬᠤᠭᠤᠴᠠᠭ᠎ᠠ ᠨᠢ ᠤᠷᠳᠦ ᠪᠠᠶᠢᠵᠤ᠂ ᠠᠮᠤᠷ | ᠲᠦᠪᠰᠢᠨ ᠢᠶᠠᠷ ᠴᠠᠬᠢᠯᠭᠠᠨ ᠬᠠᠩᠭᠠᠬᠤ ᠨᠢ ᠷᠠᠰᠢᠶᠠᠨ ᠤ ᠢᠯᠴᠢ ᠬᠠᠩᠭᠠᠬᠤ ᠶᠢ ᠪᠠᠲᠤᠯᠠᠬᠤ ᠴᠢᠬᠤᠯᠠ ᠬᠦᠴᠦᠨ ᠵᠦᠢᠯ | ᠪᠣᠯᠵᠠᠶ᠃ ᠷᠠᠰᠢᠶᠠᠨ ᠤ 220 ᠺᠢᠯᠦᠸᠤᠯᠲ ᠤᠨ ᠬᠤᠪᠢᠰᠬᠠᠭᠤᠷ ᠤᠨ ᠥᠷᠲᠡᠭᠡ ᠪᠣᠯ ᠷᠠᠰᠢᠶᠠᠨ ᠣᠷᠣᠨ ᠤ | ᠵᠠᠩᠭᠢᠯᠠᠭ᠎ᠠ ᠶᠢᠨ ᠬᠦᠴᠦᠳᠡᠯ ᠦᠭᠡᠷᠡᠴᠢᠯᠡᠬᠦ ᠥᠷᠲᠡᠭᠡ ᠪᠤᠯᠤᠨ᠎ᠠ᠃ | 2024 ᠤᠨ ᠤ 5 ᠰᠠᠷ᠎ᠠ ᠶᠢᠨ 21 ᠤ ᠡᠳᠦᠷ᠂ ᠷᠠᠰᠢᠶᠠᠨ ᠤ 220 ᠺᠢᠯᠤᠸᠠᠲ ᠤᠨ ᠬᠦᠴᠦᠳᠡᠯ | ᠦᠭᠡᠷᠡᠴᠢᠯᠡᠬᠦ ᠥᠷᠲᠡᠭᠡᠨ ᠤ 2 ᠳ᠋ᠤᠭᠠᠷ ᠨᠣᠮᠧᠷᠲᠤ ᠭᠤᠤᠯ ᠬᠤᠪᠢᠰᠤᠯᠲᠠ ᠶᠢ ᠥᠷᠭᠡᠳᠭᠡᠨ ᠪᠠᠶᠢᠭᠤᠯᠬᠤ | ᠢᠨᠵᠧᠨᠧᠷᠢᠩ ᠢ ᠪᠥᠬᠦ ᠲᠠᠯ᠎ᠠ ᠪᠠᠷ ᠡᠬᠢᠯᠡᠭᠦᠯᠪᠡ᠃ ᠪᠠᠷᠢᠯᠭ᠎ᠠ ᠶᠢᠨ ᠠᠵᠢᠯ ᠢ ᠪᠦᠬᠦ ᠲᠠᠯ᠎ᠠ ᠪᠠᠷ ᠥᠷᠨᠢᠭᠦᠯᠬᠦ ᠶᠢ | ᠳᠠᠭᠠᠯᠳᠤᠨ᠂ ᠤᠯᠤᠰ ᠤᠨ ᠴᠠᠬᠢᠯᠭᠠᠨ ᠲᠣᠣᠷ ᠤᠨ ᠬᠢᠩᠭᠠᠨ ᠴᠠᠬᠢᠯᠭᠠᠨ ᠬᠠᠩᠭᠠᠬᠤ ᠺᠣᠮᠫᠠᠨᠢ 3 ᠲᠤᠰᠬᠠᠢ | ᠮᠡᠷᠭᠡᠵᠢᠯ ᠤᠨ ᠰᠢᠯᠭᠠᠨ ᠬᠢᠨᠠᠬᠤ ᠳᠤᠭᠤᠶᠢᠯᠠᠩ ᠢ ᠵᠣᠬᠢᠶᠠᠨ ᠪᠠᠶᠢᠭᠤᠯᠵᠦ᠂ ᠢᠨᠵᠧᠨᠧᠷᠢᠩ ᠢ ᠮᠥᠷᠳᠡᠨ ᠬᠢᠨᠠᠨ | ᠰᠢᠯᠭᠠᠬᠤ ᠠᠵᠢᠯ ᠢ ᠰᠠᠶᠢᠲᠤᠷ ᠬᠢᠵᠡᠢ᠃ 6 ᠰᠠᠷ᠎ᠠ ᠶᠢᠨ ᠪᠠᠷᠢᠯᠭ᠎ᠠ ᠶᠢᠨ ᠬᠤᠭᠤᠴᠠᠭ᠎ᠠ ᠪᠠᠷ ᠲᠠᠮᠵᠢᠨ᠂ 2 ᠳ᠋ᠤᠭᠠᠷ | ᠨᠣᠮᠧᠷᠲᠤ ᠭᠤᠣᠯ ᠬᠤᠪᠢᠰᠤᠯᠲᠠ ᠶᠢ ᠥᠷᠭᠡᠳᠭᠡᠨ ᠪᠠᠶᠢᠭᠤᠯᠬᠤ ᠵᠢᠴᠢ ᠢᠵᠢ ᠪᠦᠷᠢᠳᠦᠭᠦᠯᠬᠦ ᠪᠠᠷᠢᠯᠭ᠎ᠠ ᠶᠢ ᠪᠦᠬᠦ | ᠲᠠᠯ᠎ᠠ ᠪᠠᠷ ᠪᠡᠶᠡᠯᠡᠭᠦᠯᠪᠡ᠃ | ᠲᠣᠰ ᠤᠳᠠᠭᠠᠨ ᠤ ᠢᠨᠵᠧᠨᠧᠷᠢᠩ ᠨᠢ ᠷᠠᠰᠢᠶᠠᠨ ᠤ ᠬᠦᠴᠦᠳᠡᠯ ᠦᠭᠡᠷᠡᠴᠢᠯᠡᠬᠦ ᠥᠷᠲᠡᠭᠡᠨ ᠳᠤ ᠬᠤᠯᠪᠣᠭᠳᠠᠬᠤ | ᠤᠴᠢᠷ ᠠᠴᠠ ᠪᠥᠬᠦ ᠬᠤᠳᠠ ᠶᠢᠨ ᠬᠡᠪᠴᠢᠶᠡᠨ ᠳᠤ ᠴᠠᠬᠢᠯᠭᠠᠨ ᠵᠣᠭᠰᠣᠬᠤ ᠪᠠᠶᠢᠳᠡᠯ ᠣᠷᠣᠰᠢᠵᠤ ᠪᠠᠶᠢᠵᠠᠢ᠃ ᠠᠮᠤᠷ | ᠲᠦᠪᠰᠢᠨ ᠢᠶᠠᠷ ᠴᠠᠬᠢᠯᠭᠠᠨ ᠬᠠᠩᠭᠠᠬᠤ ᠶᠢ ᠪᠠᠲᠤᠯᠠᠬᠤ ᠶᠢᠨ ᠲᠥᠯᠥᠭᠡ᠂ ᠤᠯᠤᠰ ᠤᠨ ᠴᠠᠬᠢᠯᠭᠠᠨ ᠲᠣᠣᠷ ᠤᠨ | ᠬᠢᠩᠭᠠᠨ ᠴᠠᠬᠢᠯᠭᠠᠨ ᠬᠠᠩᠭᠠᠬᠤ ᠺᠣᠮᠫᠠᠨᠢ ︽ᠬᠠᠮᠤᠭ ᠤᠨ ᠥᠨᠳᠥᠷ ᠪᠠᠷᠢᠮᠵᠢᠶ᠎ᠠ᠂ ᠬᠠᠮᠤᠭ ᠤᠨ ᠴᠢᠩᠭ᠎ᠠ ᠵᠣᠬᠢᠶᠠᠨ | ᠪᠠᠶᠢᠭᠤᠯᠤᠯᠲᠠ᠂ ᠬᠠᠮᠤᠭ ᠤᠨ ᠴᠢᠩᠭ᠎ᠠ ᠱᠠᠭᠠᠷᠳᠠᠯᠭ᠎ᠠ᠂ ᠬᠠᠮᠤᠭ ᠤᠨ ᠪᠣᠳᠠᠲᠠᠢ ᠠᠷᠭ᠎ᠠ ᠬᠡᠮᠵᠢᠶ᠎ᠠ᠂ ᠬᠠᠮᠤᠭ ᠤᠨ | ᠰᠠᠶᠢᠨ ᠪᠠᠶᠢᠳᠠᠯ︾ ᠢᠶᠠᠷ ᠠᠰᠢᠭᠯᠠᠯᠲᠠ ᠳᠤ ᠣᠷᠣᠭᠤᠯᠬᠤ ᠬᠤᠭᠤᠴᠠᠭᠠᠨ ᠤ ᠴᠠᠬᠢᠯᠭᠠᠨ ᠬᠠᠩᠭᠠᠯᠭ᠎ᠠ ᠶᠢ ᠪᠠᠲᠤᠯᠠᠬᠤ | ᠠᠵᠢᠯ ᠢ ᠰᠠᠶᠢᠲᠤᠷ ᠬᠢᠵᠦ᠂ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠡᠯ᠎ᠡ ᠨᠢᠭᠡᠴᠢ᠂ ᠡᠯ᠎ᠡ | ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠴᠠᠬᠢᠯᠭᠠᠨ ᠬᠠᠨᠭ᠍ᠭᠠᠬᠤ ᠡᠯ᠎ᠡ ᠵᠦᠢᠯ ᠤᠨ | ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨᠬᠦ ᠪᠠᠳᠤᠯᠠᠵᠠᠢ᠃ | ᠡᠭᠦᠨ ᠤ ᠬᠠᠮᠳᠦ᠂ ᠪᠠᠰᠠ ᠴᠠᠬᠢᠯᠭᠠᠨ ᠬᠠᠨᠭ᠍ᠭᠠᠬᠤ 8 ᠰᠠᠦᠷᠢ ᠬᠦᠴᠦᠳᠡᠯ ᠦᠭᠡᠷᠡᠴᠢᠯᠡᠬᠦ ᠦᠷᠳᠡᠭᠡ ᠳᠤ | ᠳᠤᠰᠬᠠᠢ ᠲᠣᠭᠤᠷᠢᠨ ᠪᠠᠶᠢᠴᠠᠭᠠᠯᠲᠠ ᠬᠢᠵᠦ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠢ ᠳᠤᠨᠢ ᠰᠢᠢᠳᠪᠦᠷᠢᠯᠡᠵᠦ᠂ | ᠬᠠᠯᠠᠭᠠᠭᠤᠷ᠂ ᠳᠤᠯᠠᠭᠠᠨ ᠤ ᠡᠵᠡᠮᠰᠢᠭᠦᠷ ᠢ 4 ᠢᠵᠢ ᠰᠣᠯᠢᠵᠠᠢ᠃ ᠪᠠᠴᠢᠮ ᠪᠠᠶᠢᠳᠠᠯ ᠢ ᠠᠷᠭᠠᠴᠠᠭᠠᠬᠤ 6 ᠡᠩᠨᠡᠭᠡ ᠶᠢ | ᠵᠣᠬᠢᠶᠠᠨ ᠪᠠᠶᠢᠭᠤᠯᠵᠤ᠂ ᠪᠡᠯᠡᠳᠭᠡᠯ ᠲᠣᠨᠤᠭ ᠳᠦᠭᠦᠭᠡᠷᠦᠮᠵᠢ ᠶᠢ 67 ᠢᠵᠢ ᠪᠡᠯᠡᠳᠭᠡᠨ᠂ ᠪᠠᠶ ᠯᠠᠩ ᠵᠡᠷᠭᠡ | ᠬᠤᠪᠢᠰᠬᠠᠭᠤᠷ ᠤᠨ ᠥᠷᠲᠡᠭᠡ ᠳᠤ ᠳᠣᠭᠢᠷᠠᠭᠤᠯᠤᠨ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠶᠢ ᠦᠨᠡᠨ ᠬᠦ | ᠪᠠᠲᠤᠯᠠᠪᠠ᠃ | ᠪᠦᠬᠦ ᠠᠵᠢᠯᠳᠠᠨ ᠤ 48 ᠴᠠᠭ ᠤᠨ ᠴᠥᠬᠦᠷᠡᠰᠢ ᠦᠭᠡᠢ ᠴᠢᠷᠮᠠᠶᠢᠯᠭ᠎ᠠ ᠪᠠᠷ ᠳᠠᠮᠵᠢᠨ᠂ ᠷᠠᠰᠢᠶᠠᠨ ᠤ 220 | ᠺᠢᠯᠤᠸᠠᠲ ᠤᠨ ᠭᠤᠣᠯ ᠬᠤᠪᠢᠰᠤᠯᠲᠠ ᠶᠢᠨ ᠴᠠᠬᠢᠯᠭᠠᠨ ᠬᠦᠷᠭᠡᠯᠲᠡ ᠶᠢ ᠨᠢᠭᠡ ᠯᠡ ᠤᠳᠠᠭ᠎ᠠ ᠳᠤ ᠠᠮᠵᠢᠯᠲᠠ ᠲᠠᠢ | ᠪᠡᠶᠡᠯᠡᠭᠦᠯᠵᠦ᠂ ᠴᠠᠬᠢᠯᠭᠠᠨ ᠪᠠᠲᠤᠯᠠᠬᠤ ᠬᠦᠴᠦᠳᠡᠯ ᠦᠭᠡᠷᠡᠴᠢᠯᠡᠬᠦ ᠦᠷᠳᠡᠭᠡ ᠳᠤ ᠴᠠᠬᠢᠯᠭᠠᠨ ᠵᠣᠭᠰᠣᠬᠤ ᠦᠵᠡᠭᠳᠡᠯ | ᠭᠠᠷᠤᠭᠰᠠᠨ ᠦᠭᠡᠢ᠃ ︵ᠸᠠᠩ ᠰᠢᠶᠦ᠋ᠡᠭ ᠸᠧᠨ︶ |