2 ᠰᠠᠷ᠎ᠠ ᠶᠢᠨ 12 ᠤᠨ ᠡᠳᠦᠷ᠂ ᠷᠡᠰᠢᠶᠠᠨ ᠬᠤᠳᠡ ᠶᠢᠨ ᠰᠢᠨ ᠴᠧᠩ ᠵᠡᠭᠡᠯᠢ ᠶᠢᠨ ᠰᠧᠨᠸᠠᠩ ᠨᠡᠶᠢᠭᠡᠮ | ᠲᠣᠭᠤᠷᠢᠭ ᠪᠣᠯᠤᠨ ᠾᠧ ᠫᠢᠩ ᠨᠡᠶᠢᠭᠡᠮ ᠲᠣᠭᠤᠷᠢᠭ ᠤᠨ ᠬᠠᠮᠳᠣᠪᠡᠷ ᠡᠷᠬᠢᠯᠡᠭᠰᠡᠨ ᠥᠯᠵᠡᠶᠢᠲᠦ ᠡᠳᠦᠷ ᠤᠨ | ᠠᠵᠢᠯᠯᠠᠭ᠎ᠠ ᠬᠦᠷ ᠬᠥᠭᠵᠢᠶᠡᠨ ᠲᠠᠢ ᠡᠬᠢᠯᠡᠪᠡ᠃ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ | ᠤᠳᠤᠷᠢᠳᠤᠯᠭ᠎ᠠ ᠨᠠᠷ ᠲᠤᠰ ᠤᠳᠠᠭᠠᠨ ᠤ ᠠᠵᠢᠯᠯᠠᠭ᠎ᠠ ᠳᠤ ᠣᠷᠣᠯᠴᠠᠪᠠ᠃ | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠪᠠᠰᠠ ︽ᠣᠨᠢᠰᠤᠭ᠎ᠠ ᠲᠠᠭᠠᠬᠤ︾ ᠲᠣᠬᠯᠠᠭᠠᠮ ᠭᠠᠷᠭᠠᠵᠤ᠂ | ᠠᠷᠢᠭᠤᠨ ᠴᠢᠬᠡᠴᠢ ᠶᠢᠨ ᠬᠤᠯᠪᠣᠭᠳᠠᠯ ᠪᠦᠬᠦᠢ ᠮᠠᠳᠡᠯᠭᠡ ᠶᠢᠨ ᠪᠢᠴᠢᠭᠡᠰᠣ ᠶᠢ ᠲᠡᠭᠡᠷ᠎ᠡ ᠡᠯᠬᠦᠵᠤ ᠰᠠᠯᠬᠢᠨ ᠤ ᠠᠶ᠎ᠠ ᠪᠠᠷ | ᠨᠠᠮᠢᠷᠠᠭᠤᠯᠵᠤ᠂ ᠠᠭᠤᠯᠭ᠎ᠠ ᠳᠤ ᠨᠢ ᠠᠷᠢᠭᠤᠨ ᠴᠢᠬᠡᠴᠢ ᠦᠭᠡ ᠥᠭᠦᠯᠡᠪᠦᠷᠢ᠂ ᠠᠷᠢᠭᠤᠨ ᠴᠢᠬᠡᠴᠢ ᠪᠠᠷ ᠵᠠᠰᠠᠭ | ᠪᠠᠷᠢᠬᠤ ᠬᠥᠮᠦᠰ ᠤᠨ ᠦᠯᠢᠭᠡᠷ᠂ ᠨᠠᠮ ᠤᠨ ᠰᠠᠬᠢᠯᠭ᠎ᠠ ᠬᠠᠤᠯᠢ ᠲᠣᠭᠲᠠᠭᠠᠯ ᠤᠨ ᠮᠡᠳᠡᠯᠭᠡ ᠵᠡᠷᠭᠡ ᠶᠢ ᠬᠠᠮᠤᠷᠴᠤ᠂ | ᠰᠠᠭᠤᠭᠠᠯᠢ ᠠᠷᠠᠳ ᠰᠡᠳᠬᠢᠬᠦ ᠶᠠᠪᠣᠴᠠ ᠳᠤ ᠪᠠᠨ ᠬᠠᠯᠠᠭᠤᠨ ᠢᠶᠠᠷ ᠶᠠᠷᠢᠯᠴᠠᠵᠤ᠂ ᠣᠨᠢᠰᠤᠭ᠎ᠠ ᠲᠠᠶᠢᠯᠬᠤ ᠶᠠᠪᠤᠴᠠ ᠳᠤ | ᠪᠠᠨ ᠠᠷᠢᠭᠤᠨ ᠴᠢᠬᠡᠴᠢ ᠶᠢᠨ ᠮᠡᠳᠡᠯᠭᠡ ᠶᠢ ᠰᠤᠷᠤᠯᠴᠠᠵᠡᠢ᠃ | ᠠᠵᠢᠯᠯᠠᠭᠠᠨ ᠤ ᠳᠠᠷᠠᠭ᠎ᠠ᠂ ᠨᠡᠶᠢᠭᠡᠮ ᠲᠣᠭᠤᠷᠢᠭ ᠤᠨ ᠠᠵᠢᠯᠲᠠᠨ ᠪᠣᠯᠤᠨ ᠰᠠᠶᠢᠨ ᠳᠤᠷ᠎ᠠ ᠶᠢᠨ ᠦᠢᠯᠡᠴᠢᠯᠡᠭᠴᠢᠳ | ᠭᠤᠣᠨᠢ ᠨᠠᠰᠤᠲᠠᠨ᠂ ᠴᠡᠷᠢᠭ ᠠᠴᠠ ᠬᠠᠯᠠᠭᠳᠠᠭᠰᠠᠳ ᠵᠢᠴᠢ ᠠᠯᠪᠠ ᠬᠠᠭᠠᠵᠤ ᠪᠠᠶᠢᠭ᠎ᠠ ᠴᠡᠷᠢᠭ ᠤᠨ ᠭᠡᠷ | ᠪᠦᠯᠢ ᠶᠢᠨ ᠬᠢᠨ ᠳᠤ ᠬᠦᠷᠴᠦ᠂ ᠲᠡᠳᠡᠨ ᠳᠤ ᠦᠯᠵᠡᠶᠢᠳᠣ ᠪᠣᠭᠤᠷᠰᠤᠭ ᠬᠦᠷᠭᠡᠵᠦ᠂ ᠬᠠᠨᠢ ᠪᠣᠯᠵᠤ ᠵᠣᠭᠤᠭᠳᠠᠨ᠂ | ᠲᠡᠳᠡᠨ ᠤ ᠠᠮᠢᠳᠤᠷᠠᠯ ᠤᠨ ᠪᠠᠶᠢᠳᠠᠯ ᠪᠣᠯᠤᠨ ᠬᠡᠷᠡᠭᠴᠡᠭᠡ ᠶᠢ ᠣᠶᠢᠯᠠᠭᠠᠵᠤ᠂ ᠨᠠᠰᠤᠲᠠᠶᠢᠴᠤᠳ ᠲᠤ ᠣᠨᠴᠠᠭᠠᠶ ᠡᠳᠦᠷ | ᠤᠨ ᠬᠠᠯᠠᠭᠤᠨ ᠲᠣᠯᠠᠭᠠᠨ ᠢ ᠬᠦᠷᠭᠡᠪᠡ᠃ ᠲᠣᠰ ᠤᠳᠠᠭᠠᠨ ᠤ ᠠᠵᠢᠯᠯᠠᠭ᠎ᠠ ᠨᠢ ᠨᠢᠭᠡ ᠤᠳᠠᠭᠠᠨ ᠤ ᠲᠥᠬᠦᠮ | ᠲᠣᠬᠤᠨᠢᠭᠤᠯᠭ᠎ᠠ ᠪᠣᠯᠬᠤ ᠪᠠᠷ ᠪᠠᠷᠠᠬᠤ ᠥᠬᠡᠶ᠂ ᠨᠠᠩ ᠴᠤ ᠨᠡᠶᠢᠭᠡᠮ ᠲᠣᠭᠤᠷᠢᠭ ᠤᠨ ᠨᠠᠰᠤᠲᠠᠶᠢᠴᠤᠳ ᠲᠤ ᠬᠠᠶᠢᠷ᠎ᠠ | ᠬᠠᠯᠠᠮᠵᠢ ᠬᠦᠷᠭᠡᠨ᠂ ᠨᠠᠰᠤᠲᠠᠨ ᠢᠶᠠᠨ ᠬᠦᠨᠳᠦᠯᠡᠬᠦ᠂ ᠨᠠᠰᠤᠲᠠᠨ ᠢᠶᠠᠨ ᠬᠠᠶᠢᠷᠠᠯᠠᠬᠤ ᠤᠯᠠᠮᠵᠢᠯᠠᠯᠲᠤ ᠰᠠᠶᠢᠬᠠᠨ | ᠰᠤᠷᠲᠠᠯ ᠢ ᠨᠡᠶᠢᠭᠡᠮ ᠲᠠᠶᠠᠭᠠᠷ ᠲᠤ ᠣᠯᠠᠮᠵᠢᠯᠠᠵᠠᠢ᠃ |