ᠴᠠᠭᠠᠨ ᠰᠠᠷ᠎ᠠ ᠶᠢᠨ ᠠᠷᠪᠠᠨ ᠲᠠᠪᠤᠨ ᠤ ᠦᠯᠵᠡᠶᠢᠳᠣ ᠡᠳᠣᠷ ᠤᠨ ᠪᠠᠶᠠᠷ ᠬᠦᠷ
ᠨᠡᠶᠢᠲᠡᠯᠡᠭᠰᠡᠨ ᠴᠠᠭ᠄
2025/2/13
    ᠳᠤᠮᠳᠠᠳᠤ ᠶᠢᠨ ᠦᠨᠳᠦᠰᠦᠲᠡᠨ ᠤ ᠥᠨᠢ ᠤᠳᠠᠭᠠᠨ ᠭᠡᠷᠡᠯ ᠰᠠᠴᠤᠷᠠᠩᠭᠤᠶ ᠰᠢᠯᠢᠳᠡᠭ ᠤᠯᠠᠮᠵᠢᠯᠠᠯᠲᠤ ᠰᠣᠶᠣᠯ ᠢ ᠭᠦᠨᠵᠡᠭᠡᠶ ᠠᠭᠤᠳᠠᠯᠤᠨ ᠤᠯᠠᠮᠵᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠤᠳᠬᠠᠬᠤ ᠶᠢᠨ ᠲᠥᠯᠥᠭᠡ᠂  ᠷᠡᠰᠢᠶᠠᠨ ᠬᠤᠳᠡ ᠶᠢᠨ ᠲᠢᠶᠠᠨ ᡂᠢ ᠨᠡᠶᠢᠭᠡᠮ ᠲᠣᠭᠤᠷᠢᠭ 2 ᠰᠠᠷ᠎ᠠ ᠶᠢᠨ 12 ᠤᠨ ᠡᠳᠦᠷ᠂ ︽ᠬᠦᠰᠡᠯ ᠵᠡᠭᠦᠳᠦ ᠪᠠᠨ ᠲᠡᠷᠭᠡᠯᠰᠢᠭᠦᠯᠦᠨ ᠴᠠᠭᠠᠨ ᠰᠠᠷ᠎ᠠ ᠶᠢᠨ ᠠᠷᠪᠠᠨ ᠲᠠᠪᠤᠨ ᠤ ᠥᠯᠵᠡᠶᠢᠲᠦ ᠡᠳᠦᠷ ᠢ ᠤᠭᠲᠤᠵᠤ᠂ ᠰᠡᠳᠬᠢᠯ ᠨᠢᠭᠡᠳᠦᠨ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠶ᠎ᠡ︾ ᠭᠡᠬᠦ ᠭᠤᠤᠯ ᠰᠡᠳᠦᠪᠲᠦ ᠥᠯᠵᠡᠶᠢᠲᠦ ᠡᠳᠦᠷ ᠤᠨ ᠪᠠᠶᠠᠷ ᠤᠨ ᠠᠵᠢᠯᠯᠠᠭ᠎ᠠ ᠥᠷᠨᠢᠭᠦᠯᠪᠡ᠃ ᠲᠣᠰ ᠤᠳᠠᠭᠠᠨ ᠤ ᠠᠵᠢᠯᠯᠠᠭ᠎ᠠ ᠨᠢ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠣᠶ ᠪᠣᠯᠭᠠᠭᠰᠠᠨ ᠢᠶᠠᠷ ᠪᠠᠷᠠᠬᠤ ᠥᠬᠡᠶ᠂ ᠰᠠᠭᠤᠭᠠᠯᠢ ᠠᠷᠠᠳ ᠤᠨ ᠤᠯᠠᠮᠵᠢᠯᠠᠯᠲᠤ ᠰᠣᠶᠣᠯ ᠢ ᠬᠠᠶᠢᠷᠠᠯᠠᠬᠤ ᠪᠠ ᠤᠯᠠᠮᠵᠢᠯᠠᠨ ᠵᠠᠯᠭᠠᠮᠵᠢᠯᠠᠬᠤ ᠰᠡᠳᠬᠢᠯᠭᠡ ᠶᠢ ᠨᠠᠩ ᠬᠥᠭᠵᠢᠭᠡᠪᠡ᠃    ᠡᠬᠢ ᠰᠤᠷᠪᠤᠯᠵᠢ ᠶᠢ ᠮᠦᠷᠲᠡᠨ ᠤᠯᠠᠮᠵᠢᠯᠠᠯᠲᠤ ᠷᠢᠳᠢ ᠰᠢᠳᠢ ᠶᠢ ᠣᠶᠢᠯᠠᠭᠠᠨ᠎ᠠ᠃ ᠴᠠᠭᠠᠨ ᠰᠠᠷ᠎ᠠ ᠶᠢᠨ ᠠᠷᠪᠠᠨ ᠲᠠᠪᠤᠨ ᠤ ᠦᠯᠵᠡᠶᠢᠳᠣ ᠡᠳᠦᠷ ᠤᠨ ᠠᠵᠢᠯᠯᠠᠭ᠎ᠠ ᠨᠢ ᠠᠷᠠᠳ ᠤᠨ ᠵᠠᠩ ᠦᠢᠯᠡ ᠶᠢᠨ ᠸᠢᠳᠢᠣ᠋ ᠶᠢ ᠰᠣᠨᠢᠷᠬᠠᠵᠤ᠂ ᠳᠡᠯᠭᠡᠴᠡ ᠳᠡᠭᠡᠷᠡᠬᠢ ᠠᠮᠢᠳᠤᠯᠢᠭ ᠵᠢᠷᠤᠭ ᠳᠦᠷᠰᠦ ᠪᠠ ᠨᠠᠷᠢᠨ ᠲᠠᠶᠢᠯᠪᠤᠷᠢᠯᠠᠯᠲᠠ ᠶᠢᠨ ᠰᠣᠯᠪᠢᠴᠠᠯ ᠢᠶᠠᠷ ᠳᠠᠮᠵᠢᠨ᠂ ᠤᠯᠠᠨ ᠳᠤ ᠥᠯᠵᠡᠶᠢᠲᠦ ᠡᠳᠦᠷ ᠤᠨ ᠡᠬᠢ ᠡᠭᠦᠰᠦᠯ᠂ ᠬᠥᠭᠵᠢᠯᠲᠡ ᠵᠢᠴᠢ ᠡᠯ᠎ᠡ ᠭᠠᠵᠠᠷ ᠤᠨ ᠵᠠᠩ ᠳᠠᠳᠬᠠᠯ ᠵᠡᠷᠭᠡ ᠶᠢ ᠠᠮᠢᠳᠤᠯᠢᠭ ᠰᠠᠶᠢᠬᠠᠨ ᠢᠯᠡᠷᠡᠬᠦᠯᠵᠦ᠂ ᠤᠯᠠᠮᠵᠢᠯᠠᠯᠲᠤ ᠰᠣᠶᠣᠯ ᠤᠨ ᠥᠪᠡᠷᠮᠢᠴᠡ ᠷᠢᠳᠢ ᠰᠢᠳᠢ ᠶᠢ ᠣᠶᠢᠯᠠᠭᠠᠭᠤᠯᠤᠭᠰᠠᠨ ᠪᠠᠶᠢᠨ᠎ᠠ᠃     ᠰᠠᠭᠤᠭᠠᠯᠢ ᠠᠷᠠᠳ ᠲᠠᠢ ᠰᠡᠳᠬᠢᠯ ᠵᠢᠷᠦᠬᠡ ᠪᠠᠨ ᠬᠤᠯᠪᠣᠵᠤ ᠬᠠᠶᠢᠷ᠎ᠠ ᠬᠠᠯᠠᠮᠵᠢ ᠬᠦᠷᠭᠡᠨ᠎ᠠ᠃ ᠤᠯᠠᠮᠵᠢᠯᠠᠯᠲᠤ ᠰᠣᠶᠣᠯ ᠤᠨ ᠷᠢᠳᠢ ᠰᠢᠳᠢ ᠶᠢ ᠮᠡᠳᠡᠷᠡᠬᠦ ᠶᠢᠨ ᠬᠠᠮᠲᠤ᠂ ᠠᠵᠢᠯᠲᠠᠳ ᠴᠤ ᠲᠡᠳᠡᠭᠡᠷ ᠬᠠᠯᠠᠮᠵᠢᠯᠠᠬᠤ ᠴᠢᠬᠤᠯᠠ ᠲᠠᠢ ᠣᠨᠴᠠᠭᠠᠢ ᠬᠦᠴᠢᠷᠳᠡᠯᠲᠡᠢ ᠬᠥᠮᠥᠰ ᠢ ᠮᠠᠷᠲᠠᠭᠰᠠᠨ ᠦᠭᠡᠢ᠂ ᠲᠡᠳᠡ ᠪᠠᠶᠠᠷ ᠤᠨ ᠡᠳᠦᠷ ᠤᠨ ᠵᠥᠩᠨᠡᠯ ᠪᠠ ᠲᠣᠬᠤᠨᠢᠭᠤᠯᠬᠤ ᠪᠣᠳᠠᠰ ᠢᠶᠠᠨ ᠠᠪᠴᠤ᠂ ᠬᠠᠷᠢᠶ᠎ᠠ ᠣᠷᠣᠨ ᠤ ᠬᠦᠴᠢᠷᠳᠡᠯᠲᠡᠢ ᠭᠡᠷ ᠪᠦᠯᠢ ᠶᠢ ᠰᠤᠷᠪᠤᠯᠵᠢᠯᠠᠵᠡᠢ᠃ ᠬᠦᠷᠦᠭᠰᠡᠨ ᠭᠠᠵᠠᠷ ᠪᠣᠯᠭᠠᠨ ᠳᠤ᠂ ᠠᠵᠢᠯᠲᠠᠳ ᠴᠥᠮ ᠰᠠᠭᠤᠭᠠᠯᠢ ᠠᠷᠠᠳ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ ᠠᠮᠢᠳᠤᠷᠠᠯ ᠤᠨ ᠪᠠᠶᠢᠳᠠᠯ ᠪᠠ ᠬᠡᠷᠡᠭᠴᠡᠭᠡ ᠶᠢ ᠨᠠᠷᠢᠨ ᠣᠶᠢᠯᠠᠭᠠᠵᠤ᠂ ᠲᠡᠳᠡᠨ ᠢ ᠪᠠᠶᠠᠰᠤᠩᠭᠤᠢ ᠰᠡᠳᠬᠢᠯᠭᠡ ᠲᠠᠢ ᠪᠠᠶᠢᠵᠤ᠂ ᠠᠮᠢᠳᠤᠷᠠᠯ ᠤᠨ ᠳᠤᠮᠳᠠᠬᠢ ᠬᠦᠴᠢᠷᠳᠡᠯ ᠳᠤ ᠢᠳᠡᠪᠬᠢᠲᠡᠢ ᠬᠠᠨᠳᠤᠬᠤ ᠶᠢ ᠵᠣᠷᠢᠭᠵᠢᠭᠤᠯᠪᠠ᠃ ᠨᠠᠮ ᠤᠨ ᠵᠣᠬᠢᠶᠠᠨ ᠪᠠᠶᠢᠭᠤᠯᠤᠯᠲᠠ ᠠᠴᠠ ᠬᠦᠷᠭᠡᠵᠣ ᠢᠷᠡᠭᠰᠡᠨ ᠡᠨᠡ ᠬᠦ ᠬᠠᠶᠢᠷ᠎ᠠ ᠬᠠᠯᠠᠮᠵᠢ ᠨᠢ ᠰᠠᠭᠤᠭᠠᠯᠢ ᠠᠷᠠᠳ ᠤᠨ ᠰᠡᠳᠬᠢᠯ ᠢ ᠳᠤᠯᠠᠭᠠᠴᠠᠭᠤᠯᠵᠤ᠂ ᠲᠡᠳᠡᠨ ᠳᠤ ᠡᠨᠡ ᠬᠦ ᠪᠠᠶᠠᠷ ᠳᠤᠷᠠᠰᠬᠠᠯ ᠤᠨ ᠡᠳᠦᠷ ᠲᠤ ᠥᠭᠡᠷ᠎ᠡ ᠵᠦᠢᠯ ᠤᠨ ᠬᠠᠯᠠᠭᠤᠨ ᠳᠤᠯᠠᠭᠠᠨ ᠪᠠ ᠵᠣᠯ ᠵᠢᠷᠭᠠᠯ ᠢ ᠮᠡᠳᠡᠷᠡᠭᠦᠯᠦᠭᠰᠡᠨ ᠪᠠᠶᠢᠨ᠎ᠠ     ᠦᠯᠵᠡᠶᠢᠲᠦ ᠪᠣᠭᠤᠷᠰᠤᠭ ᠬᠦᠢᠷᠭᠡᠵᠣ ᠲᠦᠭᠡᠮᠠᠯ ᠬᠠᠶᠢᠷ᠎ᠡ ᠶᠢ ᠲᠠᠮᠵᠢᠭᠤᠯᠣᠨ᠎ᠠ᠃ ᠲᠣᠰ ᠤᠳᠠᠭᠠᠨ ᠤ ᠴᠠᠭᠠᠨ ᠰᠠᠷ᠎ᠠ ᠶᠢᠨ ᠠᠷᠪᠠᠨ ᠲᠠᠪᠤᠨ ᠤ ᠥᠯᠵᠡᠶᠢᠲᠦ ᠡᠳᠦᠷ ᠤᠨ ᠠᠵᠢᠯᠯᠠᠭ᠎ᠠ ᠳᠤ᠂ ᠲᠢᠶᠠᠨ ᡂᠢ ᠨᠡᠶᠢᠭᠡᠮ ᠲᠣᠭᠤᠷᠢᠭ ᠤᠨ ᠬᠢᠨ ᠰᠠᠭᠤᠭᠠᠯᠢ ᠠᠷᠠᠳ ᠲᠤ ᠪᠠᠶᠠᠷ ᠬᠥᠷ ᠲᠠᠢ᠂ ᠡᠶ᠎ᠡ ᠵᠣᠬᠢᠴᠠᠯ ᠲᠠᠢ ᠪᠥᠭᠡᠳ ᠬᠥᠷ ᠨᠠᠷᠭᠢᠶᠠᠨ ᠲᠠᠢ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠣᠶ ᠪᠣᠯᠭᠠᠭᠰᠠᠨ ᠢᠶᠠᠷ ᠪᠠᠷᠠᠬᠤ ᠥᠬᠡᠶ᠂ ᠨᠠᠩ ᠣᠯᠠᠨ ᠳᠣᠲᠣᠨᠣ ᠠᠵᠢᠯᠯᠠᠭ᠎ᠠ ᠪᠠᠷ ᠨᠡᠶᠢᠭᠡᠮ ᠲᠣᠭᠤᠷᠢᠭ ᠪᠣᠯᠤᠨ ᠰᠠᠭᠤᠭᠠᠯᠢ ᠠᠷᠠᠳ ᠤᠨ ᠬᠤᠭᠤᠷᠣᠨᠳᠣᠬᠢ ᠵᠠᠶ ᠶᠢ ᠣᠶᠢᠷᠠᠲᠤᠭᠤᠯᠵᠠᠶ᠃ ᠣᠨᠴᠠᠭᠠᠶᠢᠯᠡᠨ ᠥᠯᠵᠡᠶᠢᠲᠦ ᠪᠣᠭᠤᠷᠰᠤᠭ  ᠨᠢ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠠᠴᠢᠶᠠᠯᠠᠵᠤ ᠪᠠᠶᠢᠭ᠎ᠠ ᠪᠥᠭᠡᠳ ᠪᠠᠰᠠ ᠳᠤᠮᠳᠠᠳᠤ ᠶᠢᠨ ᠦᠨᠳᠦᠰᠦᠲᠡᠨ ᠤ ᠨᠠᠰᠤᠲᠠᠨ ᠢᠶᠠᠨ ᠬᠦᠨᠳᠦᠯᠡᠵᠦ ᠨᠢᠯᠬᠠᠰ ᠢᠶᠠᠨ ᠬᠠᠶᠢᠷᠠᠯᠠᠬᠤ᠂ ᠪᠦᠯᠬᠦᠮᠳᠡᠨ ᠬᠠᠪᠰᠤᠷᠤᠯᠴᠠᠬᠤ ᠤᠯᠠᠮᠵᠢᠯᠠᠯᠲᠤ ᠰᠠᠶᠢᠬᠠᠨ ᠰᠤᠷᠲᠠᠯ ᠢ ᠳᠠᠮᠵᠢᠭᠤᠯᠵᠤ ᠪᠠᠶᠢᠳᠠᠭ᠃     ᠢᠷᠡᠭᠡᠳᠦᠢ ᠪᠠᠨ ᠪᠠᠷᠠᠭᠠᠯᠠᠬᠤ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠨ᠎ᠡ᠃ ᠲᠣᠰ ᠤᠳᠠᠭᠠᠨ ᠤ ᠴᠠᠭᠠᠨ ᠰᠠᠷ᠎ᠠ ᠶᠢᠨ ᠠᠷᠪᠠᠨ ᠲᠠᠪᠤᠨ ᠤ ᠦᠯᠵᠡᠶᠢᠳᠣ ᠡᠳᠣᠷ ᠤᠨ ᠠᠵᠢᠯᠯᠠᠭ᠎ᠠ ᠶᠢ ᠡᠷᠭᠢᠴᠡᠭᠦᠯᠵᠦ᠂ ᠲᠢᠶᠠᠨ ᡂᠢ ᠨᠡᠶᠢᠭᠡᠮ ᠲᠣᠭᠤᠷᠢᠭ ᠪᠣᠳᠠᠲᠤ ᠠᠵᠢᠯᠯᠠᠭ᠎ᠠ ᠪᠠᠷ ᠢᠶᠠᠨ ︽ᠠᠷᠠᠳ ᠲᠦᠮᠡᠨ ᠳᠤ ᠣᠶᠢᠯᠡᠴᠢᠯᠡᠬᠦ︾ ᠣᠶᠢᠯᠠᠭᠠᠭᠳᠠᠬᠤᠨ ᠢ ᠣᠶᠢᠯᠡᠳᠦᠯᠭᠡᠵᠢᠭᠦᠯᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭ᠎ᠠ ᠪᠠ ᠡᠭᠦᠷᠭᠡᠯᠡᠯ ᠢ ᠢᠯᠡᠷᠡᠭᠦᠯᠪᠡ᠃ ᠲᠢᠶᠠᠨ ᡂᠢ ᠨᠡᠶᠢᠭᠡᠮ ᠲᠣᠭᠤᠷᠢᠭ ᠦᠷᠭᠦᠯᠵᠢᠯᠡᠨ ᠤᠭ ᠰᠠᠨᠠᠭ᠎ᠠ ᠪᠠᠨ ᠪᠠᠷᠢᠮᠲᠠᠯᠠᠵᠤ᠂ ᠪᠣᠳᠠᠲᠠᠶ ᠳᠤ ᠰᠠᠭᠤᠷᠢᠯᠠᠨ᠂ ᠦᠨᠳᠦᠰᠦᠨ ᠱᠠᠲᠤᠨ ᠳᠤ ᠦᠨᠳᠦᠰᠦᠯᠡᠵᠦ᠂ ᠨᠡᠶᠢᠭᠡᠮ ᠳᠤ ᠦᠢᠯᠡᠴᠢᠯᠡᠬᠦ᠂ ᠰᠠᠭᠤᠭᠠᠯᠢ ᠠᠷᠠᠳ ᠲᠤ ᠦᠢᠯᠡᠴᠢᠯᠡᠬᠦ ᠤᠭ ᠰᠠᠨᠠᠭ᠎ᠠ ᠪᠠᠷ ᠡᠭᠦᠷᠭᠡ ᠬᠠᠷᠢᠭᠤᠴᠠᠯᠭ᠎ᠠ ᠪᠠᠨ ᠪᠣᠯᠭᠠᠵᠤ᠂ ᠨᠡᠶᠢᠭᠡᠮ ᠲᠣᠭᠤᠷᠢᠭ ᠤᠨ ᠵᠠᠰᠠᠯᠲᠠ ᠶᠢᠨ ᠵᠠᠭᠪᠤᠷ ᠢ ᠲᠠᠰᠤᠷᠠᠯᠲᠠ ᠦᠭᠡᠢ ᠰᠦᠪᠡᠭᠴᠢᠯᠡᠨ ᠰᠢᠨᠡᠴᠢᠯᠡᠵᠦ᠂ ᠨᠡᠩ ᠡᠶ᠎ᠡ ᠵᠣᠬᠢᠴᠠᠯ ᠲᠠᠢ ᠰᠠᠶᠢᠨ ᠰᠠᠶᠢᠬᠠᠨ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ᠃ ᠡᠭᠦᠨ ᠤ ᠬᠠᠮᠲᠤ᠂ ᠲᠢᠶᠠᠨ ᡂᠢ ᠨᠡᠶᠢᠭᠡᠮ ᠲᠣᠭᠤᠷᠢᠭ ᠴᠤ ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠢ ᠦᠷᠭᠦᠯᠵᠢᠯᠡᠨ ᠭᠦᠨᠵᠡᠭᠡᠢ ᠠᠭᠤᠳᠠᠯᠤᠨ ᠤᠯᠠᠮᠵᠢᠯᠠᠵᠤ᠂ ᠤᠯᠠᠮᠵᠢᠯᠠᠯᠲᠤ ᠰᠣᠶᠣᠯ ᠢ ᠰᠢᠨ᠎ᠡ ᠴᠠᠭ ᠦᠶ᠎ᠡ ᠳᠤ ᠨᠡᠩ ᠦᠵᠡᠰᠬᠦᠯᠡᠩᠲᠦ ᠰᠠᠶᠢᠬᠠᠨ ᠭᠡᠷᠡᠯ ᠭᠢᠯᠪᠠᠭ᠎ᠠ ᠪᠠᠨ ᠰᠠᠴᠤᠷᠠᠭᠤᠯᠤᠨ᠎ᠠ᠃
 
ᠢᠷᠡᠯᠲᠡ᠄ ᠲᠢᠶᠠᠨ ᡂᠢ ᠨᠡᠶᠢᠭᠡᠮ ᠲᠣᠭᠤᠷᠢᠭ ᠥᠯᠵᠡᠶᠢᠲᠦ ᠡᠳᠦᠷ ᠤᠨ ᠪᠠᠶᠠᠷ ᠤᠨ ᠠᠵᠢᠯᠯᠠᠭ᠎ᠠ ᠥᠷᠨᠢᠭᠦᠯᠪᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号