2025 ᠣᠨ ᠤ ᠷᠡᠰᠢᠶᠠᠨ ᠬᠤᠳᠡ ᠶᠢᠨ ᠵᠢᠭᠤᠯᠴᠢᠯᠠᠯ ᠤᠨ ᠬᠦᠭᠵᠢᠯᠳᠡ ᠶᠢᠨ ᠶᠡᠭᠡ ᠬᠤᠷᠡᠯ ᠤᠨ ᠰᠣᠯᠡ ᠲᠠᠮᠳᠡᠭᠯᠡᠯ
ᠨᠡᠶᠢᠲᠡᠯᠡᠭᠰᠡᠨ ᠴᠠᠭ᠄
2025/2/17
    2 ᠰᠠᠷ᠎ᠠ ᠶᠢᠨ 14 ᠤ ᠡᠳᠦᠷ᠂ ᠷᠠᠰᠢᠶᠠᠨ ᠬᠤᠲᠠ  2025 ᠣᠨ ᠤ  ᠵᠢᠭᠤᠯᠴᠢᠯᠠᠯ ᠤᠨ ᠬᠥᠭᠵᠢᠯᠲᠡ ᠶᠢᠨ ᠶᠡᠭᠡ ᠬᠤᠷᠠᠯ ᠢ ᠷᠠᠰᠢᠶᠠᠨ ᠬᠤᠳᠠ ᠶᠢᠨ ᠶᠠᠷᠢᠶᠠᠨ ᠤ ᠲᠠᠪᠴᠠᠩ ᠤᠨ ᠲᠥᠪ ᠲᠤ ᠬᠤᠷᠡᠯᠳᠣᠭᠤᠯᠪᠡ᠃ ᠪᠦᠬᠦ ᠬᠤᠳᠠ ᠶᠢᠨ ᠡᠯ᠎ᠡ ᠹᠷᠣᠨᠲ᠂ ᠨᠡᠶᠢᠭᠡᠮ ᠤᠨ ᠡᠯ᠎ᠡ ᠡᠲᠡᠭᠡᠳ ᠤᠨ ᠲᠥᠯᠥᠭᠡᠯᠡᠭᠴᠢ᠂ ᠰᠣᠨᠢᠨ ᠮᠡᠳᠡᠭᠡᠨ ᠤ ᠵᠠᠭᠤᠴᠢᠯᠠᠭᠤᠷ ᠤᠨ ᠰᠤᠷᠪᠤᠯᠵᠢᠯᠠᠭᠴᠢ ᠨᠢᠭᠡ ᠲᠠᠩᠬᠢᠮ ᠳᠤ ᠴᠤᠭᠯᠠᠷᠠᠨ᠂ ᠷᠠᠰᠢᠶᠠᠨ ᠤ ᠵᠢᠭᠤᠯᠴᠢᠯᠠᠯ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠬᠠᠮᠲᠤᠪᠠᠷ ᠶᠠᠷᠢᠯᠴᠠᠪᠠ᠃     ᠡᠨᠡ ᠪᠣᠯ ᠨᠢᠭᠡᠨ ᠤᠳᠠᠭᠠᠨ ᠤ ᠬᠥᠭᠵᠢᠯᠲᠡ ᠶᠢ ᠭᠡᠷᠡᠴᠢᠯᠡᠭᠰᠡᠨ ᠡᠷᠭᠢᠴᠡᠭᠦᠯᠦᠯ ᠪᠣᠯᠣᠨ᠎ᠠ᠃ ᠶᠡᠭᠡ ᠬᠤᠷᠠᠯ ᠤᠨ ᠠᠬᠤᠢ ᠲᠠᠯᠠᠪᠠᠢ ᠳᠤ  ᠬᠤᠷᠠᠯ ᠳᠤ ᠣᠷᠣᠯᠴᠠᠭᠰᠠᠳ ︽2024 ᠣᠨ ᠤ ᠪᠥᠬᠦ ᠬᠤᠲᠠ ᠶᠢᠨ ᠵᠢᠭᠤᠯᠴᠢᠯᠠᠯ ᠤᠨ ᠠᠵᠢᠯ ᠤᠨ ᠲᠤᠰᠬᠠᠶ ᠰᠡᠳᠦᠪᠲᠦ ᠹᠢᠯᠢᠮ︾ ᠢ ᠳᠠᠭᠠᠵᠤ ᠥᠩᠭᠡᠷᠡᠭᠰᠡᠨ ᠨᠢᠭᠡ ᠵᠢᠯ ᠤᠨ ᠭᠤᠶᠢᠳᠠ ᠰᠠᠶᠢᠬᠠᠨ ᠥᠩᠭᠡᠷᠡᠯᠲᠡ ᠪᠠᠨ ᠡᠷᠭᠢᠴᠡᠭᠦᠯᠪᠡ᠃ 2024 ᠣᠨ ᠳᠤ᠂ ᠷᠠᠰᠢᠶᠠᠨ ᠬᠤᠲᠠ ᠪᠥᠬᠦ ᠬᠤᠲᠠ ᠪᠠᠷ ᠢᠶᠠᠨ ᠪᠦᠯᠬᠦᠮᠳᠡᠨ ᠨᠢᠭᠡᠳᠴᠦ᠂ ᠡᠷᠡᠰ ᠰᠢᠭᠤᠷᠬᠠᠶ ᠪᠠᠷ ᠤᠷᠤᠭᠰᠢᠯᠠᠨ ᠳᠡᠪᠰᠢᠵᠦ᠂ ᠪᠥᠬᠦ ᠬᠤᠲᠠ ᠶᠢᠨ ᠵᠢᠭᠤᠯᠴᠢᠯᠠᠯ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠵᠤ᠂ ᠰᠢᠨ᠎ᠡ ᠰᠢᠪᠲᠤᠯᠤᠯᠲᠠ ᠶᠢ ᠪᠡᠶᠡᠯᠡᠭᠦᠯᠣᠨ᠂ 2024 ᠣᠨ ᠤ 11 ᠰᠠᠷ᠎ᠠ ᠶᠢᠨ 10 ᠤ ᠡᠳᠦᠷ ᠠᠴᠠ 12 ᠰᠠᠷ᠎ᠠ ᠶᠢᠨ 30 ᠤ ᠡᠳᠦᠷ ᠪᠣᠯᠲᠠᠯᠠᠬᠢ ᠡᠪᠦᠯ ᠤᠨ ᠤᠯᠠᠷᠢᠯ ᠤᠨ ᠵᠢᠭᠤᠯᠴᠢᠯᠠᠯ ᠤᠨ ᠬᠤᠭᠤᠴᠠᠭᠠᠨ ᠳᠤ᠂ ᠪᠥᠬᠦ ᠬᠤᠲᠠ ᠪᠠᠷ ᠢᠶᠠᠨ 66.6 ᠲᠦᠮᠡᠨ ᠬᠥᠮᠦᠨ ᠢ ᠭᠥᠯᠢᠶᠡᠨ ᠠᠪᠴᠤ᠂ ᠵᠢᠭᠤᠯᠴᠢᠯᠠᠯ ᠤᠨ ᠣᠷᠣᠯᠭ᠎ᠠ ᠶᠢ 8.33 ᠳ᠋ᠦᠩᠰᠢᠭᠤᠷ ᠲᠥᠭᠦᠷᠢᠭ ᠲᠤ ᠬᠦᠷᠭᠡᠪᠡ᠃    ᠥᠩᠭᠡᠷᠡᠭᠰᠡᠨ ᠢᠶᠠᠨ ᠡᠷᠭᠢᠴᠡᠭᠦᠯᠪᠡᠯ᠂ ᠷᠡᠰᠢᠶᠠᠨ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽1235︾ ᠵᠢᠭᠤᠯᠴᠢᠯᠠᠯ ᠤᠨ ᠴᠢᠨᠠᠷ ᠰᠠᠶᠢᠲᠠᠶ ᠬᠥᠭᠵᠢᠯᠲᠡ ᠶᠢᠨ ᠰᠡᠳᠬᠢᠮᠵᠢ ᠶᠣᠰᠣᠭᠠᠷ᠂ ︽ᠪᠣᠶ ᠪᠥᠬᠦᠶ ᠡᠬᠢ ᠪᠠᠶᠠᠯᠢᠭ ᠢ ᠴᠥᠮ ᠵᠢᠭᠤᠯᠴᠢᠯᠠᠯ ᠳᠤ ᠲᠥᠪᠯᠡᠷᠡᠭᠦᠯᠵᠦ᠂ ᠠᠯᠢᠪᠠ ᠬᠦᠴᠦᠨ ᠪᠦᠬᠦᠨ ᠢ ᠴᠥᠮ ᠵᠢᠭᠤᠯᠴᠢᠯᠠᠯ ᠳᠤ ᠦᠢᠯᠡᠴᠢᠯᠡᠬᠦᠯᠬᠦ︾ ᠶᠢ ᠪᠠᠷᠢᠮᠲᠠᠯᠠᠵᠤ᠂ ᠵᠢᠭᠤᠯᠴᠢᠯᠠᠯ ᠤᠨ ᠠᠵᠤ ᠦᠢᠯᠡᠰ ᠤᠨ ᠲᠠᠰ ᠳᠡᠪᠰᠢᠬᠦ ᠶᠢ ᠪᠡᠶᠡᠯᠡᠭᠦᠯᠪᠡ᠃ ᠢᠯᠠᠩᠭᠤᠶ᠎ᠠ ᠥᠩᠭᠡᠷᠡᠭᠰᠡᠨ ᠨᠢᠭᠡ ᠵᠢᠯ ᠳᠤ᠂ ᠪᠦᠬᠦ ᠬᠤᠳᠠ ᠶᠢᠨ ᠬᠠᠮᠲᠤ ᠶᠢᠨ ᠴᠢᠷᠮᠠᠶᠢᠯᠭ᠎ᠠ ᠪᠠᠷ᠂ ᠲᠠᠢ ᠺᠠᠩ ᠤᠷᠠᠯᠢᠭ ᠤᠨ ᠲᠥᠪ ᠵᠢᠩᠬᠢᠨᠢ ᠪᠠᠷ ᠡᠭᠦᠳᠡ ᠪᠠᠨ ᠨᠡᠭᠡᠭᠡᠨ᠂ ᠶᠢᠨ ᠵᠢᠶᠠᠩ ᠭᠸᠤ ᠬᠠᠯᠠᠭᠤᠨ ᠷᠠᠰᠢᠶᠠᠨ ᠤ ᠠᠮᠠᠷᠠᠯᠲᠠ ᠶᠢᠨ ᠣᠷᠣᠨ ᠢ ᠪᠠᠶᠢᠭᠤᠯᠤᠨ ᠡᠵᠡᠩᠨᠡᠵᠦ᠂ ᠱᠧᠩ ᠴᠢᠤᠸᠠᠨ ᠡᠷᠡᠬᠦᠯᠵᠢᠯ ᠰᠤᠪᠢᠯᠠᠯᠲᠠ ᠶᠢᠨ ᠠᠮᠠᠷᠠᠯᠲᠠ ᠶᠢᠨ ᠲᠥᠪ᠂ ᠬᠤᠸᠠ ᠷᠦᠨ ᠬᠦᠰᠠᠯᠠᠩᠳᠣ ᠵᠢᠵᠢᠭ ᠪᠠᠯᠭᠠᠰᠤ ᠵᠡᠷᠭᠡ ᠨᠢᠭᠡ ᠪᠦᠯᠦᠭ ᠬᠠᠯᠠᠭᠤᠨ ᠷᠠᠰᠢᠶᠠᠨ ᠤ ᠲᠦᠷᠦᠯ ᠵᠦᠢᠯ ᠤᠨ ᠭᠤᠣᠯ ᠴᠣᠭᠴᠠ ᠶᠢ ᠪᠠᠶᠢᠭᠤᠯᠵᠤ ᠳᠠᠭᠤᠰᠬᠠᠪᠠ᠃ ᠣᠢ ᠰᠢᠭᠤᠢ ᠮᠠᠯᠵᠢᠯ ᠤᠨ ᠲᠠᠯᠠᠪᠠᠢ᠂ ᠪᠦᠯᠢᠶᠡᠨ ᠭᠤᠣᠯ  ᠳᠤ ᠬᠦᠪᠪᠣᠬᠦ᠂ ᠢᠳᠡᠭᠡᠨ ᠤᠮᠳᠠᠭᠠᠨ ᠤ ᠲᠣᠭᠯᠠᠯᠲᠠ ᠵᠡᠷᠭᠡ ᠨᠢᠭᠡ ᠪᠦᠯᠦᠭ ᠪᠦᠲᠦᠭᠡᠭᠳᠡᠬᠦᠨ ᠨᠢ ᠬᠠᠭᠤᠴᠢᠨ ᠢ ᠲᠠᠶᠠᠬᠳᠡᠵᠣ ᠰᠢᠨ᠎ᠡ ᠶᠢ ᠡᠭᠦᠳᠴᠡᠢ᠃ ᠠᠩᠬᠠᠳᠤᠭᠠᠷ ᠬᠤᠭᠤᠴᠠᠭᠠᠨ ᠤ ᠷᠠᠰᠢᠶᠠᠨ ᠤ ᠮᠠᠷᠠᠽᠤᠨ᠂ ᠲᠠᠪᠤᠳᠤᠭᠠᠷ ᠬᠤᠭᠤᠴᠠᠭᠠᠨ ᠤ ᠰᠤᠷᠭᠠᠭᠤᠯᠢ ᠶᠢᠨ ᠨᠠᠶᠢᠵᠢ ᠶᠢᠨ ᠠᠵᠤ ᠠᠬᠤᠢ ᠶᠢᠨ ᠬᠥᠭᠵᠢᠯᠲᠡ ᠶᠢᠨ ᠰᠤᠳᠤᠯᠤᠨ ᠶᠠᠷᠢᠯᠴᠠᠬᠤ ᠬᠤᠷᠠᠯ᠂ ᠪᠦᠬᠦ ᠤᠯᠤᠰ ᠤᠨ ᠴᠢᠯᠥᠭᠡᠲᠦ ᠮᠠᠶ᠋ᠢᠭ ᠤᠨ ᠴᠠᠰᠤᠨ ᠳᠤ ᠭᠤᠯᠭᠤᠬᠤ ᠠᠭᠠᠷ ᠲᠠᠬᠢ ᠤᠷ᠎ᠠ ᠮᠡᠷᠭᠡᠵᠢᠯ ᠤᠨ ᠮᠠᠩᠯᠠᠶ ᠰᠢᠯᠭᠠᠷᠠᠭᠤᠯᠬᠤ ᠤᠷᠤᠯᠳᠤᠭᠠᠨ ᠵᠡᠷᠭᠡ ᠵᠠᠭᠤᠨ ᠲᠠᠯᠠᠪᠤᠷ ᠶᠠᠷᠢᠶᠠᠨ ᠤ ᠲᠠᠪᠴᠠᠩ ᠤᠨ ᠤᠷᠤᠯᠳᠤᠭᠠᠨ ᠭᠤᠶᠢᠳᠠ ᠰᠠᠶᠢᠬᠠᠨ ᠶᠠᠪᠤᠭᠳᠠᠪᠠ᠃ ︽ᠵᠠᠭᠤᠨ ᠵᠢᠭᠤᠯᠴᠢᠯᠠᠯ ᠮᠢᠩᠭᠠᠨ ᠪᠦᠯᠬᠦᠮ · ᠷᠠᠰᠢᠶᠠᠨ ᠬᠤᠳᠠ  ᠪᠠᠷ ᠵᠢᠭᠤᠯᠴᠢᠯᠠᠬᠤ︾ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ᠂ ᠪᠦᠬᠦ ᠵᠢᠯ ᠳᠤ 56.6 ᠲᠦᠮᠡᠨ ᠬᠥᠮᠦᠨ ᠢ ᠬᠦᠯᠢᠶᠡᠨ ᠠᠪᠴᠤ᠂ ᠵᠢᠭᠤᠯᠴᠢᠯᠠᠯ ᠤᠨ ᠣᠷᠣᠯᠭ᠎ᠠ 73.66 ᠳ᠋ᠦᠩᠰᠢᠭᠤᠷ ᠲᠥᠭᠦᠷᠢᠭ ᠲᠤ ᠬᠦᠷᠭᠡᠵᠡᠢ᠃ ᠵᠢᠭᠤᠯᠴᠢᠯᠠᠭᠴᠢᠳ ᠤᠨ ᠷᠡᠰᠢᠶᠠᠨ ᠳᠤ ᠰᠠᠭᠠᠳᠡᠬᠤ ᠴᠠᠭ ᠢ 1.6 ᠡᠳᠦᠷ ᠪᠠᠶᠢᠬᠰᠠᠨ ᠢ 2.5 ᠡᠳᠦᠷ ᠪᠣᠯᠭᠠᠨ ᠤᠷᠲᠤᠳᠬᠠᠵᠤ᠂ ᠵᠢᠭᠤᠯᠴᠢᠯᠠᠯ ᠤᠨ ᠬᠥᠭᠵᠢᠶᠡᠨᠲᠡᠶ ᠤᠯᠠᠷᠢᠯ ᠢ 60 ᠡᠳᠦᠷ ᠤᠷᠲᠤᠳᠬᠠᠨ᠂ ᠵᠢᠭᠤᠯᠴᠢᠯᠠᠯ ᠤᠨ ᠠᠵᠤ ᠦᠢᠯᠡᠰ ᠢ ︽ᠨᠢᠭᠡᠳᠦᠭᠡᠷ ᠤᠯᠠᠷᠢᠯ ᠳᠤ ᠬᠦᠷ ᠨᠠᠷᠬᠢᠶᠠᠨᠳᠡᠢ︾ ᠠᠴᠠ ︽ᠭᠤᠷᠪᠠᠨ ᠤᠯᠠᠷᠢᠯ ᠬᠦᠭᠵᠢᠶᠠᠨᠳᠡᠢ︾ ᠪᠠᠶᠢᠬᠤ ᠶᠢ ᠪᠡᠶᠡᠯᠡᠭᠦᠯᠵᠦ᠂ ᠵᠢᠭᠤᠯᠴᠢᠯᠠᠯ ᠤᠨ ︽ᠬᠥᠭᠵᠢᠶᠡᠨᠲᠡᠶ︾ ᠰᠢᠨ᠎ᠡ ᠬᠠᠭᠤᠳᠠᠰᠤ ᠶᠢ ᠠᠮᠵᠢᠯᠲᠠ ᠲᠠᠢ ᠪᠠᠷ ᠪᠢᠴᠢᠭᠯᠡᠪᠡ᠃ ᠬᠦᠮᠣᠰ ᠢ ᠬᠠᠮᠤᠭ  ᠣᠷᠡᠮᠰᠢᠭᠤᠯᠣᠬᠰᠠᠨ ᠨᠢ᠂ 2024 ᠣᠨ ᠤ 6 ᠰᠠᠷ᠎ᠠ ᠶᠢᠨ 12 ᠤᠨ ᠡᠳᠦᠷ᠂ ᠪᠥᠬᠦ ᠣᠷᠣᠨ ᠤ ᠠᠩᠬᠠᠳᠠᠭᠴᠢ ᠤᠯᠤᠰ ᠤᠨ ᠲᠠᠰ ᠤᠨ ᠵᠢᠭᠤᠯᠴᠢᠯᠠᠯ ᠤᠨ ᠠᠮᠠᠷᠠᠯᠲᠠ ᠶᠢᠨ ᠣᠷᠣᠨ ᠵᠢᠩᠬᠢᠨᠢ ᠪᠠᠷ ᠫᠠᠶᠢᠰᠠ ᠡᠯᠬᠦᠨ᠂ ᠷᠠᠰᠢᠶᠠᠨ ᠤ ᠵᠢᠭᠤᠯᠴᠢᠯᠠᠯ ᠤᠨ ᠬᠥᠭᠵᠢᠯᠲᠡ ᠶᠢ ︽ᠰᠢᠨ᠎ᠡ ᠳᠡᠭᠲᠡᠷ ᠲᠤ ᠭᠠᠷᠭᠠᠵᠣ︾᠂ ︽ᠢᠷᠠᠭᠤ ᠠᠯᠳᠠᠷᠲᠤ ᠴᠠᠭ ᠮᠥᠴᠡ︾ ᠶᠢ ᠤᠭᠲᠤᠨ ᠠᠪᠴᠢᠷᠠᠬᠰᠠᠨ ᠪᠠᠶᠢᠨ᠎ᠠ᠃    ᠡᠨᠡ ᠪᠣᠯ ᠨᠢᠭᠡ ᠤᠳᠠᠭᠠᠨ ᠤ ᠢᠷᠠᠭᠤ ᠠᠯᠳᠠᠷ ᠢ ᠬᠠᠮᠲᠤ ᠪᠠᠷ ᠡᠳ᠋ᠯᠡᠭᠰᠡᠨ ᠥᠪᠡᠳᠡᠭᠰᠢ ᠨᠠᠶᠢᠷ ᠮᠥᠨ᠃ ︽ᠡᠶᠢᠮᠦ ᠨᠢᠭᠡ ᠪᠦᠯᠦᠭ ᠰᠢᠯᠢᠳᠡᠭ ᠠᠵᠤ ᠠᠬᠤᠶᠢᠯᠠᠯ ᠪᠠᠶᠢᠪᠠᠯ᠂ ᠲᠡᠳᠡ ᠵᠠᠬ᠎ᠠ ᠳᠡᠯᠭᠡᠭᠦᠷ ᠤᠨ ᠬᠡᠷᠡᠭᠴᠡᠭᠡ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠵᠢᠭᠤᠯᠴᠢᠯᠠᠬᠴᠢᠳ ᠤᠨ ᠰᠡᠳᠬᠢᠯ ᠬᠠᠨᠤᠮᠵᠢᠲᠠᠶ ᠪᠠᠶᠢᠬᠤ ᠪᠠᠷ ᠦᠨᠳᠦᠰᠦ ᠪᠣᠯᠭᠠᠵᠤ᠂ ᠶᠠᠰᠤ ᠴᠢᠨᠠᠷ ᠢ ᠲᠡᠷᠢᠭᠦᠨ ᠳᠤ ᠲᠠᠯᠪᠢᠬᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠳᠣᠪᠤᠶᠢᠯᠭᠠᠨ᠎ᠠ ᠁︾ ᠡᠯ᠎ᠡ ᠳᠤᠭᠤᠶᠢᠯᠠᠩ ᠤᠨ ᠱᠠᠩᠨᠠᠯ ᠣᠯᠭᠤᠬᠤ ᠦᠭᠡ ᠶᠢ ᠤᠩᠰᠢᠨ ᠨᠡᠶᠢᠲᠡᠯᠡᠬᠦ ᠶᠢ ᠳᠠᠭᠠᠯᠳᠤᠨ᠂ ᠬᠥᠬᠢᠭᠦᠯᠦᠯ ᠭᠥᠷᠳᠡᠭᠰᠡᠨ ᠪᠠᠶᠢᠭᠤᠯᠭ᠎ᠠ ᠨᠢᠭᠡᠴᠢ᠂ ᠠᠵᠤ ᠠᠬᠤᠶᠢᠯᠠᠯ ᠵᠢᠴᠢ ᠬᠤᠪᠢ ᠬᠥᠮᠦᠨ ᠪᠦᠯᠦᠭ ᠬᠤᠪᠢᠶᠠᠨ ᠱᠠᠩᠨᠠᠯ ᠠᠪᠬᠤ ᠲᠠᠪᠴᠠᠩ ᠳᠤ ᠭᠠᠷᠪᠠ᠃ ᠶᠡᠭᠡ ᠬᠤᠷᠠᠯ ᠠᠴᠠ ᠬᠥᠬᠢᠭᠦᠯᠦᠭᠳᠡᠨ ᠰᠠᠶᠢᠰᠢᠶᠠᠭᠳᠠᠭᠰᠠᠨ ︽ᠵᠢᠵᠢᠭ ᠪᠠᠯᠭᠠᠰᠤ ᠵᠡᠭᠡᠯᠢ ᠶᠢᠨ ᠶᠡᠭᠡ ᠦᠢᠯᠡᠰ︾ ᠤᠨ ᠵᠠᠮᠴᠢᠯᠠᠭᠴᠢ ᠪᠠᠯᠭᠠᠰᠤ ᠵᠡᠭᠡᠯᠢ᠂ ᠬᠤᠰᠢᠭᠤᠴᠢ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠰᠢᠨ᠎ᠡ ᠶᠢ ᠡᠭᠦᠳᠦᠨ ᠬᠡᠪ ᠳᠠᠭᠤᠷᠢᠶᠠᠯ ᠤᠨ ᠠᠵᠤ ᠠᠬᠤᠶᠢᠯᠠᠯ ᠵᠡᠷᠭᠡ 30 ᠰᠠᠯᠠᠭ᠎ᠠ ᠮᠥᠴᠢᠷ ᠲᠤ ︽ᠲᠡᠷᠢᠭᠦᠨ ᠤ ᠨᠢᠭᠡᠴᠢ︾ ᠶᠢᠨ ᠴᠣᠯᠠ ᠶᠢ ᠣᠯᠭᠤᠵᠤ᠂ ᠥᠪᠥᠷ ᠮᠣᠩᠭᠤᠯ ᠤᠨ ᠶᠡᠭᠡ ᠬᠢᠩᠭᠠᠨ ᠷᠠᠰᠢᠶᠠᠨ ᠤ ᠵᠢᠭᠤᠯᠴᠢᠯᠠᠯ ᠤᠨ ᠨᠡᠭᠡᠭᠡᠨ ᠬᠥᠭᠵᠢᠭᠦᠯᠦᠯᠲᠡ ᠶᠢᠨ ᠪᠦᠷᠢᠨ ᠪᠣᠰᠣ ᠬᠠᠷᠢᠭᠤᠴᠠᠯᠭᠠᠲᠤ ᠺᠣᠮᠫᠠᠨᠢ᠂ ᠤᠯᠤᠰ ᠤᠨ ᠴᠠᠬᠢᠯᠭᠠᠨ ᠲᠣᠣᠷ ᠤᠨ ᠷᠠᠰᠢᠶᠠᠨ ᠤ ᠴᠠᠬᠢᠯᠭᠠᠨ ᠬᠠᠩᠭᠠᠬᠤ ᠺᠣᠮᠫᠠᠨᠢ ᠵᠡᠷᠭᠡ 15 ᠠᠵᠤ ᠠᠬᠤᠶᠢᠯᠠᠯ ᠳᠤ ︽ᠢᠷᠠᠭᠤ ᠠᠯᠳᠠᠷᠳᠤ ᠠᠵᠤ ᠠᠬᠤᠶᠢᠯᠠᠯ︾ ᠤᠨ ᠴᠣᠯᠠ ᠣᠯᠭᠤᠬᠤ ᠶᠢᠨ ᠬᠠᠮᠲᠤ 51 ᠨᠥᠬᠦᠷ ᠲᠤ ᠵᠢᠭᠤᠯᠴᠢᠯᠠᠯ ᠤᠨ ︽ᠬᠡᠪ ᠰᠤᠷᠲᠠᠯ ᠰᠠᠶᠢᠳᠡᠢ︾ ᠬᠦᠮᠣᠰ ᠤᠨ ᠴᠣᠯᠠ ᠣᠯᠭᠤᠵᠠᠢ᠃    2025 ᠣᠨ ᠳᠤ ᠷᠠᠰᠢᠶᠠᠨ ᠤ ᠵᠢᠭᠤᠯᠴᠢᠯᠠᠯ ᠤᠨ ᠬᠥᠭᠵᠢᠯᠲᠡ ᠶᠢᠨ ᠬᠠᠷᠠᠯᠲᠠ ᠪᠣᠯ᠄ ᠵᠢᠭᠤᠯᠴᠢᠯᠠᠯ ᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠨᠠᠷᠠᠲᠤ ᠲᠥᠷᠥᠯ ᠲᠡᠮᠳᠡᠭᠲᠦ ᠶᠢᠨ ᠰᠢᠰᠲ᠋ᠧᠮ ᠢ ᠨᠠᠩ ᠲᠡᠭᠦᠯᠳᠡᠷᠵᠢᠭᠦᠯᠵᠦ᠂ ︽ᠨᠢᠭᠡ ᠬᠤᠲᠠ ᠪᠠᠷ ᠬᠥᠲᠥᠯᠦᠨ ᠳᠠᠭᠠᠭᠤᠯᠵᠤ᠂ ᠲᠠᠪᠤᠨ ᠲᠣᠭᠤᠷᠢᠭ ᠢᠶᠠᠷ ᠲᠤᠯᠭᠠᠭᠤᠷᠢᠯᠠᠬᠤ︾ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠪᠣᠷᠣ ᠲᠥᠯᠥᠪ ᠢ ᠪᠥᠬᠦ ᠲᠠᠯ᠎ᠠ ᠪᠠᠷ ᠰᠢᠯᠢᠳᠡᠭᠵᠢᠭᠦᠯᠵᠦ᠂ ᠵᠢᠷᠭᠤᠭᠠᠨ ᠶᠡᠭᠡ ᠭᠤᠤᠯᠯᠠᠬᠤ ᠪᠦᠲᠦᠭᠡᠭᠳᠡᠬᠦᠨ ᠢ ᠪᠥᠬᠦ ᠲᠠᠯ᠎ᠠ ᠪᠠᠷ ᠲᠠᠰ ᠳᠡᠪᠰᠢᠭᠦᠯᠣᠨ᠂ ᠵᠢᠷᠭᠤᠭᠠᠨ ᠶᠡᠭᠡ ᠲᠣᠭᠤᠷᠢᠯ ᠱᠤᠭᠤᠮ ᠢᠶᠠᠷ ᠳᠣᠲᠣᠭᠠᠳᠤ ᠳᠠᠭᠠᠨ ᠬᠤᠯᠪᠣᠭᠠᠯᠠᠨ ᠭᠠᠳᠠᠭᠰᠢ ᠰᠠᠭᠠᠳ ᠥᠬᠡᠶ ᠨᠡᠪᠲᠡᠷᠡᠬᠦ ᠶᠢ ᠪᠡᠶᠡᠯᠡᠭᠦᠯᠵᠦ᠂ ᠠᠮᠠᠷᠠᠯᠲᠠ ᠶᠢᠨ ᠵᠢᠭᠤᠯᠴᠢᠯᠠᠯ᠂ ᠰᠥᠨᠢ ᠶᠢᠨ ᠵᠢᠭᠤᠯᠴᠢᠯᠠᠯ᠂ ᠳᠥᠷᠪᠡᠨ ᠤᠯᠠᠷᠢᠯ ᠤᠨ ᠵᠢᠭᠤᠯᠴᠢᠯᠠᠯ ᠤᠨ ᠶᠠᠰᠤ ᠴᠢᠨᠠᠷ ᠦᠷ᠎ᠡ ᠪᠦᠲᠦᠮᠵᠢ ᠶᠢ ᠵᠡᠷᠭᠡ ᠪᠠᠷ ᠨᠡᠮᠡᠭᠳᠡᠭᠦᠯᠵᠦ᠂ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢ ᠥᠨᠳᠥᠷ ᠪᠦᠲᠦᠮᠵᠢᠲᠡᠶ ᠡᠮᠬᠢ ᠵᠢᠷᠤᠮ ᠲᠠᠢ ᠶᠠᠪᠤᠭᠳᠠᠭᠤᠯᠵᠤ᠂ ᠵᠢᠭᠤᠯᠴᠢᠯᠠᠬᠴᠢᠳ ᠤᠨ ᠬᠠᠨᠤᠮᠵᠢ ᠶᠢᠨ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠵᠦ᠂ ᠵᠢᠭᠤᠯᠴᠢᠯᠠᠯ ᠤᠨ ᠬᠥᠮᠦᠨ ᠤ ᠲᠤᠭ᠎ᠠ ᠶᠢ 500 ᠲᠦᠮᠡᠨ ᠬᠥᠮᠦᠨ ᠤᠳᠠᠭ᠎ᠠ ᠠᠴᠠ ᠳᠡᠭᠡᠭᠰᠢ ᠪᠠᠲᠤᠯᠠᠵᠤ᠂ ᠵᠢᠭᠤᠯᠴᠢᠯᠠᠯ ᠤᠨ ᠣᠷᠣᠯᠭ᠎ᠠ ᠶᠢ 80 ᠳ᠋ᠦᠩᠰᠢᠭᠤᠷ ᠲᠥᠭᠦᠷᠢᠭ ᠲᠤ ᠭᠦᠷᠭᠡᠵᠣ᠂ ᠪᠥᠬᠦ ᠣᠷᠣᠨ ᠪᠦᠰᠡ ᠪᠠᠷ ᠢᠶᠠᠨ ᠬᠥᠭᠵᠢᠶᠡᠨᠲᠡᠶ ᠪᠣᠯᠭᠠᠵᠤ᠂ ᠪᠥᠬᠦ ᠣᠷᠣᠨ ᠤ ᠵᠢᠭᠤᠯᠴᠢᠯᠠᠯ ᠤᠨ ᠪᠠᠶᠢᠷᠢᠰᠢᠯ ᠢ ᠦᠨᠳᠦᠰᠦᠨ ᠳᠡᠭᠡᠨ ᠪᠦᠷᠢᠯᠳᠦᠭᠦᠯᠬᠦ ᠪᠠᠷ ᠴᠢᠷᠮᠠᠶᠢᠨ᠎ᠠ᠃    ︽ᠤᠯᠤᠰ ᠤᠨ ᠳᠣᠲᠣᠭᠠᠳᠤ ᠳᠤ ᠲᠡᠷᠢᠭᠦᠨ ᠲᠠᠰ ᠤᠨ᠂ ᠳᠡᠯᠡᠬᠡᠢ ᠳᠤ ᠨᠠᠷ᠎ᠡ ᠠᠯᠳᠠᠷᠰᠢᠬᠰᠠᠨ︾ ᠵᠢᠭᠤᠯᠴᠢᠯᠠᠯ  ᠤᠨ ᠠᠮᠠᠷᠠᠯᠲᠠ ᠶᠢᠨ ᠬᠤᠲᠠ ᠭᠡᠬᠦ ᠡᠨᠡ ᠬᠦ ᠬᠠᠷᠠᠯᠲᠠ ᠶᠢ ᠴᠢᠩᠭ᠎ᠠ ᠡᠵᠡᠮᠳᠡᠵᠦ᠂ ᠵᠢᠭᠤᠯᠴᠢᠯᠠᠯ ᠤᠨ ᠶᠡᠷᠦᠩᠬᠡᠶᠢᠯᠡᠭᠰᠡᠨ ᠥᠷᠢᠰᠦᠯᠳᠦᠬᠦ ᠬᠦᠴᠦᠨ ᠢ ᠪᠥᠬᠦ ᠤᠯᠤᠰ ᠤᠨ ᠨᠢᠭᠡᠳᠦᠭᠡᠷ ᠡᠩᠨᠡᠭᠡᠨ ᠳᠤ ᠣᠷᠣᠭᠤᠯᠬᠤ ᠶᠢ ᠪᠥᠬᠦ ᠬᠦᠴᠦᠨ ᠢᠶᠠᠷ ᠠᠬᠢᠭᠤᠯᠵᠤ᠂ ᠬᠢᠯᠢ ᠠᠯᠤᠰᠯᠠᠨ ᠵᠢᠭᠤᠯᠴᠢᠯᠠᠬᠤ ᠲᠤᠭ᠎ᠠ ᠬᠡᠮᠵᠢᠶ᠎ᠡ ᠶᠠᠰᠤ ᠴᠢᠨᠠᠷ ᠢ ᠵᠡᠷᠭᠡᠪᠡᠷ ᠳᠡᠭᠡᠭᠰᠢᠯᠡᠭᠦᠯᠬᠦ ᠶᠢ ᠪᠡᠶᠡᠯᠡᠭᠦᠯᠵᠦ᠂ ᠳᠡᠯᠡᠬᠡᠶ ᠶᠢᠨ ᠲᠠᠰ ᠤᠨ ᠵᠢᠭᠤᠯᠴᠢᠯᠠᠯ ᠤᠨ ᠵᠣᠷᠢᠯᠳᠡ ᠶᠢᠨ ᠭᠠᠵᠠᠷ ᠢ ᠴᠢᠷᠮᠠᠶᠢᠨ ᠪᠣᠶ ᠪᠣᠯᠭᠠᠵᠤ᠂ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠪᠣᠶ ᠪᠣᠯᠭᠠᠵᠤ᠂ ᠷᠠᠰᠢᠶᠠᠨ ᠬᠤᠲᠠ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢ ᠨᠠᠷᠢᠨ ᠨᠢᠮᠪᠠᠶ ᠲᠥᠯᠥᠪᠯᠡᠨ᠂ 2025 ᠣᠨ ᠳᠤ ᠪᠥᠬᠦ ᠬᠤᠲᠠ ᠪᠠᠷ ᠢᠶᠠᠨ ︽ᠲᠤᠯᠤᠭᠠᠨ ᠶᠡᠭᠡ ᠢᠨᠵᠧᠨᠧᠷᠢᠩ︾ ᠢ ᠭᠤᠤᠯᠳᠠᠯᠭ᠎ᠠ ᠲᠠᠢ ᠰᠠᠶᠢᠲᠤᠷ ᠬᠡᠷᠡᠭᠵᠢᠭᠦᠯᠵᠦ᠂ ᠦᠵᠡᠮᠵᠢ ᠶᠢᠨ ᠣᠷᠣᠨ ᠢ ᠲᠠᠰ ᠳᠡᠪᠰᠢᠭᠦᠯᠬᠦ ᠢᠨᠵᠧᠨᠧᠷᠢᠩ ᠢ ᠬᠡᠷᠡᠭᠵᠢᠭᠦᠯᠵᠦ᠂ ᠬᠠᠷᠢᠶ᠎ᠠ ᠣᠷᠣᠨ ᠪᠣᠯ ᠳᠠᠷᠤᠶ ᠬᠠᠮᠤᠭ ᠤᠨ ᠶᠡᠭᠡ ᠦᠵᠡᠮᠵᠢ ᠶᠢᠨ ᠣᠷᠣᠨ ᠪᠣᠯᠬᠤ ᠶᠢ ᠪᠠᠷᠢᠮᠲᠠᠯᠠᠵᠤ᠂ ᠪᠥᠬᠦ ᠬᠢᠯᠢ ᠶᠢ ᠴᠣᠭᠴᠠᠯᠠᠨ ᠪᠠᠶᠢᠭᠤᠯᠵᠤ᠂ ᠲᠥᠪ ᠠᠴᠠ ᠬᠥᠲᠥᠯᠦᠨ ᠳᠠᠭᠠᠭᠤᠯᠬᠤ ᠶᠢ ᠳᠣᠪᠤᠶᠢᠯᠭᠠᠵᠣ᠂  ᠪᠠᠶᠢᠷᠢᠰᠢᠭᠤᠯᠤᠯᠲᠠ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠶᠠᠰᠤ ᠴᠢᠨᠠᠷ ᠢ ᠳᠡᠭᠡᠭᠰᠢᠯᠡᠭᠦᠯᠣᠨ᠂ ᠥᠷᠢᠰᠥᠯᠳᠦᠬᠦ ᠬᠦᠴᠦᠨ ᠢ ᠨᠡᠮᠡᠭᠳᠡᠭᠦᠯᠣᠨ᠎ᠠ᠃ ᠲᠥᠷᠥᠯ ᠵᠦᠢᠯ ᠢ ᠲᠥᠯᠥᠪᠵᠢᠭᠦᠯᠦᠨ ᠠᠬᠢᠭᠤᠯᠬᠤ ᠢᠨᠵᠧᠨᠧᠷᠢᠩ ᠢ ᠬᠡᠷᠡᠭᠵᠢᠭᠦᠯᠵᠦ᠂ ︽ᠲᠥᠷᠥᠯ ᠵᠦᠢᠯ ᠢᠶᠠᠷ ᠭᠤᠤᠯ ᠪᠣᠯᠭᠠᠬᠤ︾ ᠣᠨᠣᠯᠵᠢᠬᠤᠨ ᠢ ᠪᠠᠷᠢᠮᠲᠠᠯᠠᠨ᠂ ︽ᠴᠢᠬᠤᠯᠠ ᠶᠡᠭᠡ ᠲᠥᠷᠥᠯ ᠵᠦᠢᠯ ᠢ ᠲᠥᠯᠥᠪᠵᠢᠭᠦᠯᠬᠦ ᠠᠵᠢᠯᠯᠠᠭ᠎ᠠ︾ ᠪᠠᠷ ᠭᠠᠷᠳᠠᠴᠠ ᠪᠣᠯᠭᠠᠵᠤ᠂ ︽ᠨᠥᠭᠡᠴᠡ ᠶᠢᠨ ᠶᠠᠰᠤ ᠴᠢᠨᠠᠷ ᠢ ᠳᠡᠭᠡᠭᠰᠢᠯᠡᠭᠦᠯᠬᠦ᠂ ᠠᠵᠢᠯ ᠡᠬᠢᠯᠡᠭᠦᠯᠦᠨ ᠬᠤᠷᠳᠤᠴᠠ ᠶᠢ ᠲᠦᠷᠭᠡᠳᠬᠡᠬᠦ᠂ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠡᠵᠡᠩᠨᠡᠯᠲᠡ ᠶᠢ ᠰᠢᠯᠢᠳᠡᠭᠵᠢᠭᠦᠯᠬᠦ︾ ᠠᠵᠢᠯ ᠤᠨ ᠠᠷᠭ᠎ᠠ ᠶᠢ ᠬᠡᠷᠡᠭᠵᠢᠭᠦᠯᠵᠦ᠂ ᠲᠥᠷᠥᠯ ᠵᠦᠢᠯ ᠢ ᠣᠯᠠᠨ ᠲᠠᠯ᠎ᠠ ᠪᠠᠷ ᠬᠦᠴᠦᠯᠡᠵᠦ᠂ ᠭᠠᠵᠠᠷ ᠪᠣᠯᠭᠠᠨ ᠳᠤ ᠴᠡᠴᠡᠭᠯᠡᠬᠦ ᠶᠢ ᠪᠡᠶᠡᠯᠡᠭᠦᠯᠣᠨ᠎ᠠ᠃ ᠳᠡᠭᠡᠳᠦ ᠲᠠᠰ ᠤᠨ ᠦᠢᠯᠡᠳᠭᠦᠨ ᠢ ᠪᠣᠶ ᠪᠣᠯᠭᠠᠬᠤ ᠢᠨᠵᠧᠨᠧᠷᠢᠩ ᠢ ᠬᠡᠷᠡᠭᠵᠢᠭᠦᠯᠵᠦ᠂ ︽ᠵᠢᠷᠭᠤᠭᠠᠨ ᠶᠡᠭᠡ ᠦᠢᠯᠡᠳᠬᠦᠨ︾ ᠳᠤ ᠠᠩᠬᠠᠷᠤᠯ ᠢᠶᠠᠨ ᠲᠥᠪᠯᠡᠷᠡᠭᠦᠯᠦᠨ ᠵᠦᠢᠯ ᠳᠠᠷᠠᠭᠠᠯᠠᠨ ᠰᠤᠳᠤᠯᠵᠤ᠂ ︽ᠵᠢᠷᠭᠤᠭᠠᠨ ᠶᠡᠭᠡ ᠦᠢᠯᠡᠳᠬᠦᠨ︾ ᠤ ᠰᠢᠨ᠎ᠡ ᠶᠢ ᠡᠭᠦᠳᠬᠦ ᠠᠭᠤᠯᠭ᠎ᠠ ᠶᠢᠨ ᠲᠣᠭᠤᠷᠢᠨ ᠳᠤ᠂ ︽ᠢᠳᠡᠵᠦ ᠤᠤᠭᠤᠬᠤ ᠶᠠᠪᠤᠵᠤ ᠰᠠᠭᠤᠬᠤ ᠵᠤᠭᠠᠴᠠᠨ ᠬᠤᠳᠠᠯᠳᠤᠨ ᠠᠪᠬᠤ ᠵᠤᠭ᠎ᠠ ᠴᠡᠩᠭᠡᠯ︾ ᠳᠤᠮᠳᠠᠬᠢ ᠵᠠᠩ ᠦᠢᠯᠡ ᠶᠢᠨ ᠲᠣᠭᠤᠷᠢᠨ ᠳᠤ ᠦᠷᠭᠦᠯᠵᠢᠯᠡᠨ ᠨᠠᠷᠢᠯᠢᠭ ᠦᠢᠯᠡᠳᠬᠦᠵᠤ᠂ ᠭᠦᠨᠵᠡᠭᠡᠶ ᠣᠶᠢᠯᠠᠭᠠᠯᠲᠠ ᠬᠢᠬᠦ ᠬᠡᠷᠡᠭᠲᠡᠢ᠃ ᠰᠠᠭᠠᠳ ᠦᠭᠡᠢ ᠨᠡᠪᠲᠡᠷᠡᠬᠦ ᠵᠠᠮ ᠤᠨ ᠪᠦᠲᠦᠭᠡᠨ ᠪᠠᠶᠢᠭᠤᠯᠤᠯᠲᠠ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ︽ᠦᠵᠡᠮᠵᠢ ᠶᠢᠨ ᠣᠷᠣᠨ ᠢ ᠬᠠᠮᠣᠷᠴᠣ᠂ ᠬᠠᠷᠢᠶ᠎ᠠ ᠣᠷᠣᠨ ᠢ ᠬᠠᠮᠤᠷᠬᠤ᠂ ᠪᠦᠬᠦ ᠠᠶᠢᠮᠠᠭ ᠢ ᠬᠠᠮᠤᠷᠬᠤ᠂ ᠪᠦᠬᠦ ᠤᠯᠤᠰ ᠲᠤ ᠬᠠᠨᠳᠤᠭᠤᠯᠵᠤ᠂ ᠳᠡᠯᠡᠬᠡᠶ ᠳ᠋ᠠᠬᠢᠨ ᠢ ᠪᠠᠷᠠᠯᠠᠬᠤ︾ ᠵᠢᠷᠭᠤᠭᠠᠨ ᠳᠡᠰ ᠤᠨ ᠲᠣᠭᠤᠷᠢᠯ ᠱᠤᠭᠤᠮ ᠢ ᠠᠯᠬᠤᠮ ᠠᠯᠬᠤᠮ ᠢᠶᠠᠷ ᠪᠦᠷᠢᠨᠰᠢᠭᠦᠯᠵᠦ᠂ ︽ᠭᠠᠳᠠᠭᠠᠳᠤ ᠲᠠᠢ ᠬᠤᠯᠪᠣᠭᠠᠯᠠᠵᠤ ᠳᠣᠲᠣᠭᠠᠳᠤ ᠳᠤ ᠪᠠᠨ ᠰᠠᠭᠠᠳ ᠦᠭᠡᠢ ᠨᠡᠪᠲᠡᠷᠡᠭᠦᠯᠬᠦ᠂ ᠲᠦᠷᠭᠡᠨ ᠣᠷᠣᠭᠤᠯᠵᠤ ᠤᠳᠠᠭᠠᠨ ᠵᠢᠭᠤᠯᠴᠢᠯᠠᠬᠤ︾ ᠬᠠᠷᠠᠯᠲᠠ ᠶᠢ ᠪᠡᠶᠡᠯᠡᠭᠦᠯᠣᠨ᠎ᠠ᠃ ᠤᠬᠠᠭᠤᠯᠭ᠎ᠠ ᠡᠵᠡᠩᠨᠡᠨ ᠪᠣᠷᠣᠯᠠᠭᠤᠯᠬᠤ ᠶᠠᠰᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠡᠵᠡᠩᠨᠡᠨ ᠪᠣᠷᠣᠯᠠᠭᠤᠯᠬᠤ ᠶᠢ ᠠᠳᠬᠤᠬᠤ᠂ ᠤᠬᠠᠭᠤᠯᠭ᠎ᠠ ᠶᠢ ᠠᠬᠢᠭᠤᠯᠣᠨ ᠵᠠᠬ᠎ᠠ ᠳᠡᠯᠭᠡᠭᠦᠷ ᠢ ᠥᠷᠭᠡᠳᠬᠡᠬᠦ᠂ ᠬᠥᠮᠦᠰ ᠤᠨ ᠰᠡᠳᠬᠢᠯ ᠢ ᠨᠢᠭᠲᠠᠷᠠᠭᠤᠯᠬᠤ ᠶᠢ ᠴᠢᠬᠤᠯᠠ ᠭᠠᠷᠳᠠᠴᠠ ᠪᠣᠯᠭᠠᠵᠤ᠂ ᠬᠦᠴᠦᠨ ᠢ ᠡᠮᠬᠢᠯᠡᠨ ᠨᠡᠶᠢᠯᠡᠭᠦᠯᠬᠦ᠂ ᠡᠵᠡᠩᠨᠡᠨ ᠪᠣᠷᠣᠯᠠᠭᠤᠯᠬᠤ ᠶᠢ ᠤᠬᠠᠭᠠᠯᠠᠬᠤ᠂ ᠠᠷᠭ᠎ᠠ ᠵᠠᠮ ᠢ ᠥᠷᠭᠡᠳᠬᠡᠬᠦ ᠵᠡᠷᠭᠡ ᠠᠵᠢᠯ ᠢ ᠦᠨᠡᠨ ᠬᠦ ᠰᠠᠶᠢᠲᠤᠷ ᠬᠢᠨ᠎ᠡ᠃ ᠦᠢᠯᠡᠴᠢᠯᠡᠭᠡᠨ ᠤ ᠬᠠᠮᠢᠶᠠᠷᠤᠯᠲᠠ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠵᠠᠬ᠎ᠠ ᠳᠡᠯᠭᠡᠭᠦᠷ ᠢ ᠪᠤᠶᠢᠵᠢᠭᠤᠯᠬᠤ ᠪᠠ ᠦᠢᠯᠡᠴᠢᠯᠡᠭᠡᠨ ᠤ ᠬᠢᠨᠠᠯᠲᠠ ᠬᠠᠮᠢᠶᠠᠷᠤᠯᠲᠠ ᠶᠢ ᠵᠢᠭᠤᠯᠴᠢᠯᠠᠯ ᠤᠨ ᠵᠥᠭᠡᠯᠡᠨ ᠪᠣᠳᠠᠲᠤ ᠬᠦᠴᠦᠨ ᠢ ᠳᠡᠭᠡᠭᠰᠢᠯᠡᠭᠦᠯᠬᠦ ᠴᠢᠬᠤᠯᠠ ᠠᠷᠭ᠎ᠠ ᠬᠡᠮᠵᠢᠶ᠎ᠡ ᠪᠣᠯᠭᠠᠵᠤ᠂ ᠦᠨᠡᠨ ᠬᠦ ᠬᠦᠴᠦ ᠣᠷᠣᠭᠤᠯᠵᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠨ᠎ᠡ᠃ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠬᠦ ᠢᠨᠵᠧᠨᠧᠷᠢᠩ ᠢ ᠬᠡᠷᠡᠭᠵᠢᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠥᠭᠡᠷᠡᠴᠢᠯᠡᠯᠲᠡ ᠶᠢᠨ ᠰᠡᠳᠬᠢᠬᠦᠶ ᠪᠠᠷ ᠬᠥᠭᠵᠢᠯᠲᠡ ᠶᠢ ᠠᠳᠬᠤᠵᠤ᠂ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠪᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠠᠬᠢᠭᠤᠯᠤᠨ᠎ᠠ᠃    ᠨᠠᠶᠢᠳᠠᠯᠭ᠎ᠠ ᠶᠢ ᠪᠠᠲᠤ ᠴᠡᠭᠡᠵᠢᠯᠡᠵᠦ᠂ ᠰᠢᠨ᠎ᠠ ᠬᠠᠭᠤᠳᠠᠰᠤ ᠶᠢ ᠪᠢᠴᠢᠭᠯᠡᠵᠤ ᠤᠭ ᠰᠠᠨᠠᠭ᠎ᠠ ᠪᠠᠨ ᠪᠠᠲᠤ ᠴᠡᠭᠡᠵᠢᠯᠠᠨ᠎ᠠ᠃ ᠰᠢᠨ᠎ᠡ ᠨᠢᠭᠡ ᠵᠢᠯ ᠤᠨ ᠣᠷᠣᠬᠰᠢᠯᠠᠯᠳᠡ ᠶᠢᠨ ᠪᠦᠷᠢᠶ᠎ᠡ ᠨᠢᠭᠡᠨᠲᠡ ᠬᠠᠩᠭᠢᠨᠠᠵᠤ᠂ ᠰᠢᠨ᠎ᠡ ᠵᠢᠷᠤᠭ ᠲᠥᠰᠦᠪ ᠢ ᠨᠢᠭᠡᠨᠲᠡ ᠵᠢᠷᠤᠭᠯᠠᠵᠠᠢ᠂ ᠷᠠᠰᠢᠶᠠᠨ ᠬᠤᠳᠠ ᠴᠠᠭ ᠢᠮᠠᠭᠲᠠ ᠲᠡᠮᠡᠴᠡᠯ ᠤᠨ ᠳᠦᠷᠰᠦ ᠪᠠᠶᠢᠳᠠᠯ ᠢᠶᠠᠨ ᠪᠠᠲᠤᠯᠠᠵᠤ᠂ ᠲᠡᠮᠡᠴᠡᠯ ᠤᠨ ᠠᠯᠬᠤᠴᠠ ᠪᠠᠨ ᠢᠮᠠᠭᠲᠠ ᠪᠠᠲᠤᠳᠬᠠᠨ᠂ ᠷᠠᠰᠢᠶᠠᠨ ᠤ ᠵᠢᠭᠤᠯᠴᠢᠯᠠᠯ ᠤᠨ ᠬᠥᠭᠵᠢᠶᠡᠨᠲᠡᠢ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠦ᠂ ᠷᠠᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠣᠨ᠎ᠠ᠃   
 
ᠢᠷᠡᠯᠲᠡ᠄ ᠷᠠᠰᠢᠶᠠᠨ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号