| | | ᠳᠤᠮᠳᠠᠳᠤ ᠤᠯᠤᠰ ᠤᠨ ᠡᠪ ᠬᠠᠮᠲᠤ ᠨᠠᠮ ᠤᠨ ᠷᠠᠰᠢᠶᠠᠨ ᠬᠤᠲᠠ ᠶᠢᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ | ᠷᠠᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ | ᠠᠵᠢᠯ ᠤᠨ ᠬᠤᠪᠢᠶᠠᠷᠢᠯᠠᠯ᠄ | ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠠᠵᠢᠯ ᠢ ᠬᠠᠷᠢᠭᠤᠴᠠᠵᠤ᠂ ᠬᠤᠲᠠ ᠶᠢᠨ ᠳᠠᠷᠤᠭ᠎ᠠ ᠶᠢ | ᠬᠠᠮᠵᠢᠨ ᠪᠠᠶᠢᠭᠤᠯᠭ᠎ᠠ ᠶᠢᠨ ᠶᠠᠪᠤᠳᠠᠯ᠂ ᠬᠥᠭᠵᠢᠭᠦᠯᠦᠯᠲᠡ ᠥᠭᠡᠷᠡᠴᠢᠯᠡᠯᠲᠡ᠂ ᠬᠢᠨᠠᠨ ᠪᠤᠳᠤᠵᠤ ᠬᠢᠨᠠᠯᠲᠠ ᠲᠠᠯᠪᠢᠬᠤ᠂ | ᠠᠵᠤ ᠦᠢᠯᠡᠳᠪᠦᠷᠢ ᠶᠢᠨ ᠬᠥᠭᠵᠢᠯᠲᠡ᠂ ᠡᠳ᠋ ᠤᠨ ᠵᠠᠰᠠᠭ ᠤᠨ ᠭᠠᠶᠢᠯᠢ ᠲᠠᠲᠠᠪᠤᠷᠢ᠂ ᠮᠥᠩᠭᠦᠨ ᠭᠦᠢᠯᠭᠡᠭᠡᠨ ᠤ | ᠳᠠᠭᠠᠳᠬᠠᠯ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠠᠶᠤᠯᠭᠦᠢ ᠦᠢᠯᠡᠳᠪᠦᠷᠢᠯᠡᠯ᠂ ᠲᠤᠭ᠎ᠠ | ᠪᠦᠷᠢᠳᠬᠡᠯ ᠤᠨ ᠲᠤᠭ᠎ᠠ ᠪᠠᠷᠢᠮᠲᠠ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠳᠠᠶᠢᠴᠢᠯᠠᠯᠲᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ | ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ | ᠡᠳ᠋ ᠤᠨ ᠵᠠᠰᠠᠭ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠲᠤᠭ᠎ᠠ | ᠪᠦᠷᠢᠳᠬᠡᠯ ᠤᠨ ᠲᠣᠪᠴᠢᠶ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠪᠠᠶᠢᠭᠤᠯᠭ᠎ᠠ ᠶᠢᠨ | ᠶᠠᠪᠤᠳᠠᠯ ᠤᠨ ᠦᠢᠯᠡᠴᠢᠯᠡᠭᠡᠨ ᠤ ᠲᠥᠪ᠂ ᠲᠣᠮᠣ ᠳ᠋ᠠᠶᠢᠲ᠋ᠠ ᠶᠢᠨ ᠲᠥᠪ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ | ᠠᠯᠪᠠᠨ ᠭᠡᠷ ᠢ ᠬᠤᠪᠢᠳᠠᠨ ᠬᠠᠮᠢᠶᠠᠷᠤᠨ᠎ᠠ᠃ ᠬᠤᠲᠠ ᠶᠢᠨ ᠳᠠᠷᠤᠭ᠎ᠠ ᠶᠢ ᠬᠠᠮᠵᠢᠨ ᠬᠢᠨᠠᠨ ᠪᠤᠳᠤᠬᠤ ᠲᠣᠪᠴᠢᠶ᠎ᠠ ᠶᠢ | ᠬᠤᠪᠢᠳᠠᠨ ᠬᠠᠮᠢᠶᠠᠷᠤᠨ᠎ᠠ᠃ | ᠬᠠᠷᠢᠯᠴᠠᠬᠤ ᠨᠢ᠄ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ | ᠂ ᠤᠯᠤᠰ ᠲᠥᠷᠥ ᠶᠢᠨ ᠵᠥᠪᠯᠡᠯᠭᠡᠨ᠂ ᠬᠤᠲᠠ ᠶᠢᠨ ᠬᠢᠨᠠᠨ ᠪᠠᠶᠢᠴᠠᠭᠠᠬᠤ ᠵᠥᠪᠯᠡᠯ᠂ ᠠᠷᠠᠳ ᠤᠨ ᠵᠡᠪᠰᠡᠭᠲᠦ | ᠬᠦᠴᠦᠨ ᠤ ᠬᠡᠯᠲᠡᠰ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠷᠠᠰᠢᠶᠠᠨ ᠬᠤᠲᠠ ᠳᠠᠬᠢ | ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠷᠠᠰᠢᠶᠠᠨ ᠰᠠᠯᠪᠤᠷᠢ | ᠪᠠᠩᠬᠢ᠂ ᠡᠯ᠎ᠡ ᠪᠠᠩᠬᠢ᠂ ᠳᠠᠭᠠᠳᠬᠠᠯ᠂ ᠲᠡᠮᠳᠡᠭᠲᠦ ᠵᠡᠷᠭᠡ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠷᠠᠰᠢᠶᠠᠨ ᠤ | ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠺᠣᠮᠫᠠᠨᠢ᠂ ᠳᠤᠮᠳᠠᠳᠤ ᠤᠯᠤᠰ ᠤᠨ ᠠᠭᠠᠷ ᠤᠨ | ᠲᠡᠭᠡᠭᠡᠪᠦᠷᠢ ᠶᠢᠨ ᠲᠣᠰᠣᠨ ᠤ ᠪᠦᠷᠢᠨ ᠪᠣᠰᠣ ᠬᠠᠷᠢᠭᠤᠴᠠᠯᠭᠠᠲᠤ ᠺᠣᠮᠫᠠᠨᠢ ᠶᠢᠨ ᠷᠠᠰᠢᠶᠠᠨ ᠬᠠᠩᠭᠠᠯᠭ᠎ᠠ ᠶᠢᠨ ᠥᠷᠲᠡᠭᠡ᠂ | ᠨᠠᠪᠴᠢᠨ ᠲᠠᠮᠠᠬᠢ ᠶᠢᠨ ᠺᠣᠮᠫᠠᠨᠢ᠂ ᠴᠢᠯᠠᠭᠤᠨ ᠲᠣᠰᠣᠨ ᠤ ᠺᠣᠮᠫᠠᠨᠢ᠂ ᠳᠠᠪᠤᠰᠤᠨ ᠤ ᠦᠢᠯᠡᠰ ᠤᠨ ᠺᠣᠮᠫᠠᠨᠢ᠂ ᠡᠯ᠎ᠡ | ᠭᠤᠤᠯᠳᠠᠯᠭ᠎ᠠ ᠲᠠᠢ ᠠᠵᠤ ᠦᠢᠯᠡᠳᠪᠦᠷᠢ ᠶᠢᠨ ᠠᠵᠤ ᠠᠬᠤᠶᠢᠯᠠᠯ ᠲᠠᠢ ᠬᠠᠷᠢᠯᠴᠠᠨ᠎ᠠ᠃ | ᠬᠤᠲᠠ ᠶᠢᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | ᠲᠣᠪᠴᠢ ᠨᠠᠮᠲᠠᠷ᠄ | ᠶᠠᠩ ᠪᠦᠦ ᠲᠢᠶᠠᠨ᠂ ᠡᠷᠡᠭᠲᠡᠶ᠂ ᠬᠢᠲᠠᠳ ᠦᠨᠳᠦᠰᠦᠲᠡᠨ᠂ 1980 ᠣᠨ ᠤ 5 ᠰᠠᠷ᠎ᠠ ᠳᠤ ᠳᠦᠷᠦᠵᠡᠶ᠂ ᠶᠡᠭᠡ | ᠰᠤᠷᠭᠠᠭᠤᠯᠢ ᠶᠢᠨ ᠵᠢᠩᠬᠢᠨᠢ ᠠᠩᠭᠢ ᠶᠢᠨ ᠰᠤᠷᠤᠯᠭ᠎ᠠ ᠶᠢᠨ ᠨᠠᠮᠲᠠᠷ ᠲᠠᠢ᠂ ᠬᠠᠮᠢᠶᠠᠷᠤᠯᠲᠠ ᠶᠢᠨ ᠤᠬᠠᠭᠠᠨ ᠤ ᠪᠠᠺᠠᠯᠡᠸ᠋ᠷ | ᠴᠣᠯᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ | |