︽ᠵᠠᠭᠤᠨ ᠠᠵᠤ ᠠᠬᠤᠶᠢᠯᠠᠯ ᠤᠨ ᠬᠢᠯᠢ ᠶᠢᠨ ᠠᠷᠠᠯᠵᠢᠶᠠᠨ ᠤ ᠠᠵᠢᠯᠯᠠᠭ᠎ᠠ︾ ᠨᠢ ᠠᠵᠤ ᠠᠬᠤᠶᠢᠯᠠᠯ ᠤᠨ ᠤᠮᠠᠷᠠᠰᠢ ᠨᠡᠭᠡᠭᠡᠯᠲᠡ ᠬᠢᠬᠦ ᠳᠤ ᠬᠦᠴᠦᠨ ᠨᠡᠮᠡᠷᠢᠯᠡᠵᠦ ᠪᠤᠢ
ᠨᠡᠶᠢᠲᠡᠯᠡᠭᠰᠡᠨ ᠴᠠᠭ᠄
2025/2/28
      2 ᠰᠠᠷ᠎ᠠ ᠶᠢᠨ 20 ᠠᠴᠠ 21 ᠤ ᠡᠳᠦᠷ ᠪᠣᠯᠲᠠᠯ᠎ᠠ᠂ ᠬᠢᠩᠭᠠᠨ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠪᠣᠭᠤᠮᠲᠠ ᠶᠢᠨ ᠳᠤᠪᠴᠢᠶ᠎ᠠ᠂ ᠬᠢᠩᠭᠠᠨ ᠠᠶᠢᠮᠠᠭ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠷᠠᠰᠢᠶᠠᠨ ᠬᠤᠳᠠ ᠶᠢᠨ ᠠᠷᠠᠳ ᠤᠨ ᠵᠠᠰᠠᠭ ᠤᠨ ᠣᠷᠳᠣᠨ ᠠᠴᠠ ᠬᠠᠮᠲᠤᠷᠠᠨ ᠡᠷᠬᠢᠯᠡᠭᠰᠡᠨ ︽ᠵᠠᠭᠤᠨ ᠠᠵᠤ ᠠᠬᠤᠶᠢᠯᠠᠯ ᠤᠨ ᠬᠢᠯᠢ ᠶᠢᠨ ᠠᠷᠠᠯᠵᠢᠶᠠᠨ ᠤ ᠠᠵᠢᠯᠯᠠᠭ᠎ᠠ︾ ᠷᠠᠰᠢᠶᠠᠨ ᠬᠤᠳᠠ ᠳᠤ ᠶᠠᠪᠤᠭᠳᠠᠪᠠ᠃ ᠬᠢᠩᠭᠠᠨ ᠠᠶᠢᠮᠠᠭ ᠤᠨ ᠵᠠᠭᠤᠨ ᠠᠵᠤ ᠠᠬᠤᠶᠢᠯᠠᠯᠲᠠᠨ ᠬᠢᠯᠢ ᠶᠢᠨ ᠪᠣᠭᠤᠮᠲᠠ ᠶᠢᠨ ᠴᠢᠳᠠᠮᠵᠢ ᠶᠢ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠬᠢᠯᠢ ᠶᠢᠨ ᠠᠷᠠᠯᠵᠢᠶᠠᠨ ᠤ ᠠᠵᠠ ᠲᠣᠬᠢᠶᠠᠯ ᠢ ᠰᠤᠳᠤᠯᠤᠨ ᠶᠠᠷᠢᠯᠴᠠᠵᠤ᠂ ᠬᠢᠩᠭᠠᠨ ᠠᠶᠢᠮᠠᠭ ᠤᠨ ᠭᠠᠳᠠᠭᠰᠢ ᠴᠢᠭᠯᠡᠭᠦᠯᠦᠭᠰᠡᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ᠃      ᠠᠵᠢᠯᠯᠠᠭ᠎ᠠ ᠶᠢᠨ ᠬᠤᠭᠤᠴᠠᠭᠠᠨ ᠳᠤ᠂ ᠠᠵᠤ ᠠᠬᠤᠶᠢᠯᠠᠯᠲᠠᠨ ᠤ ᠲᠥᠯᠥᠭᠡᠯᠡᠭᠴᠢ ᠷᠠᠰᠢᠶᠠᠨ ᠤ ᠬᠢᠯᠢ ᠶᠢᠨ ᠪᠣᠭᠤᠮᠲᠠ ᠪᠠᠷ ᠭᠦᠨᠵᠡᠭᠡᠶᠢᠷᠡᠨ᠂ ᠪᠠᠷᠠᠭᠠᠨ ᠤ ᠬᠢᠯᠢ ᠶᠢᠨ ᠪᠣᠭᠤᠮᠲᠠ ᠪᠠᠷ ᠥᠩᠭᠡᠷᠡᠬᠦ ᠵᠠᠮ᠂ ᠳᠤᠮᠳᠠᠳᠤ ᠮᠣᠩᠭᠤᠯ ᠤᠨ ᠬᠢᠯᠢ ᠶᠢᠨ ᠠᠷᠠᠳ ᠤᠨ ᠬᠠᠷᠢᠯᠴᠠᠨ ᠠᠷᠠᠯᠵᠢᠶᠠᠯᠠᠬᠤ ᠵᠠᠬ᠎ᠠ ᠳᠡᠯᠭᠡᠭᠦᠷ ᠤᠨ ᠠᠷᠠᠯᠵᠢᠶᠠᠨ ᠤ ᠲᠣᠭᠤᠷᠢᠭ ᠵᠡᠷᠭᠡ ᠭᠤᠤᠯ ᠴᠢᠳᠠᠮᠵᠢᠳᠤ ᠣᠷᠣᠨ ᠢᠶᠠᠷ ᠲᠣᠭᠤᠷᠢᠨ ᠦᠵᠡᠭᠰᠡᠨ ᠪᠥᠭᠡᠳ ᠪᠠᠷᠠᠭᠠᠨ ᠤ ᠪᠣᠭᠤᠮᠲᠠ ᠪᠠᠷ ᠥᠩᠭᠡᠷᠡᠬᠦ ᠪᠥᠬᠦ ᠶᠠᠪᠤᠴᠠ ᠶᠢ ᠲᠤᠬᠠᠶ ᠶᠢᠨ ᠲᠠᠯᠠᠪᠤᠷ ᠲᠤᠨᠢ ᠲᠣᠭᠤᠷᠢᠨ ᠦᠵᠡᠵᠦ᠂ ᠬᠢᠯᠢ ᠶᠢᠨ ᠪᠣᠭᠤᠮᠲᠠ᠂ ᠬᠢᠯᠢ ᠶᠢᠨ ᠪᠠᠶᠢᠴᠠᠭᠠᠯᠲᠠ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠠᠢ ᠬᠢᠯᠢ ᠶᠢᠨ ᠪᠣᠭᠤᠮᠲᠠ ᠶᠢᠨ ᠠᠵᠢᠯᠯᠠᠭᠠᠨ ᠤ ᠲᠣᠭᠲᠠᠴᠠ ᠪᠣᠯᠤᠨ ᠲᠥᠷᠥ ᠶᠢᠨ ᠪᠣᠳᠣᠯᠭ᠎ᠠ ᠶᠢᠨ ᠳᠠᠪᠠᠭᠤᠯᠢᠭ ᠢᠶᠠᠨ ᠬᠠᠷᠢᠯᠴᠠᠨ ᠰᠣᠯᠢᠯᠴᠠᠪᠠ᠃      ︽ᠬᠤᠶᠢᠰᠢᠳᠠ ᠪᠢ ᠠᠵᠤ ᠠᠬᠤᠶᠢᠯᠠᠯ ᠤᠨ ᠲᠤᠰ ᠪᠡᠶ᠎ᠡ ᠶᠢᠨ ᠬᠥᠭᠵᠢᠯᠲᠡ ᠲᠠᠢ ᠪᠠᠨ ᠤᠶᠠᠯᠳᠤᠭᠤᠯᠵᠤ᠂ ᠬᠢᠯᠢ ᠶᠢᠨ ᠠᠷᠠᠯᠵᠢᠶᠠᠨ ᠤ ᠠᠵᠤ ᠠᠬᠤᠢ ᠶᠢ ᠬᠥᠭᠵᠢᠭᠦᠯᠬᠦ ᠰᠢᠨ᠎ᠡ ᠠᠵᠠ ᠲᠣᠬᠢᠶᠠᠯ ᠢ ᠬᠦᠢᠴᠡᠳ ᠠᠰᠢᠬᠯᠠᠨ᠎ᠠ᠂ ᠳᠤᠰ ᠤᠳᠠᠭ᠎ᠠ ᠶᠢᠨ ᠠᠵᠢᠯᠯᠠᠭ᠎ᠠ ᠨᠢ ᠮᠠᠨ ᠤ ᠠᠵᠤ ᠠᠬᠤᠶᠢᠯᠠᠯ ᠤᠨ ᠬᠢᠯᠢ ᠶᠢᠨ ᠠᠷᠠᠯᠵᠢᠶᠠᠨ ᠤ ᠠᠵᠤ ᠠᠬᠤᠢ ᠶᠢ ᠬᠥᠭᠵᠢᠭᠦᠯᠬᠦ ᠳᠤ ᠲᠠᠪᠴᠠᠩ ᠬᠠᠨᠭ᠍ᠭᠠᠬᠰᠠᠨ ᠢᠶᠠᠷ ᠪᠠᠷᠠᠬᠤ ᠦᠭᠡᠢ ᠪᠠᠰᠠ ᠠᠷᠠᠯᠵᠢᠶᠠᠨ ᠤ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠬᠦ᠂ ᠳᠡᠯᠡᠬᠡᠢ ᠶᠢᠨ ᠲᠦᠷᠦᠯ ᠲᠡᠮᠳᠡᠭ ᠢ ᠡᠭᠦᠳᠬᠦ ᠵᠡᠷᠭᠡ ᠲᠠᠯ᠎ᠠ ᠪᠠᠷ ᠠᠬᠢᠭᠤᠯᠬᠤ ᠦᠢᠯᠡᠳᠦᠯ ᠦᠵᠡᠭᠦᠯᠵᠡᠢ︾ ᠭᠡᠵᠦ ᠮᠸᠡᠭ  ᠲᠧ ᠬᠤᠢ ︵ᠥᠪᠥᠷ ᠮᠣᠩᠭᠤᠯ︶ ᠢᠳᠡᠭᠡᠨ ᠤ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠰᠢᠦᠸᠠᠢ ᠭᠦᠸᠧ ᠹᠧᠩ ᠬᠡᠯᠡᠪᠡ᠃      ᠠᠵᠢᠯᠯᠠᠭ᠎ᠠ ᠳᠤ ᠪᠠᠰᠠ ᠬᠤᠳᠠᠯᠳᠤᠭᠠᠨ ᠤ ᠶᠠᠪᠤᠳᠠᠯ ᠤᠨ ᠶᠠᠮᠤᠨ ᠤ ᠣᠯᠠᠨ ᠤᠯᠤᠰ ᠤᠨ ᠠᠷᠠᠯᠵᠢᠶ᠎ᠠ ᠠᠵᠤ ᠠᠬᠤᠶ ᠶᠢᠨ ᠬᠠᠮᠲᠤᠷᠠᠯᠴᠠᠭᠠᠨ ᠤ ᠰᠤᠳᠤᠯᠭᠠᠨ ᠤ ᠬᠦᠷᠢᠶᠡᠯᠡᠩ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠤᠰᠬᠠᠶ ᠮᠡᠷᠭᠡᠵᠢᠯᠲᠡᠨ ᠬᠤᠩ ᠶᠦᠩ ︽ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠡᠨᠧᠷᠭᠢ ᠣᠯᠭᠤᠬᠤ ᠬᠢᠯᠢ ᠶᠢᠨ ᠠᠷᠠᠯᠵᠢᠶᠠᠨ ᠤ ᠰᠢᠨ᠎ᠡ ᠠᠵᠠ ᠲᠣᠬᠢᠶᠠᠯ︾ ᠭᠡᠬᠦ ᠭᠤᠤᠯ ᠰᠡᠳᠦᠪ ᠤᠨ ᠲᠣᠭᠤᠷᠢᠨ ᠳᠤ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠰᠢᠨ᠎ᠠ ᠬᠠᠨᠳᠤᠰᠢ ᠪᠠ ᠰᠢᠨ᠎ᠡ ᠶᠢ ᠡᠭᠦᠳᠬᠦ ᠰᠡᠳᠭᠢᠮᠵᠢ ᠶᠢ ᠬᠤᠪᠢᠶᠠᠯᠴᠠᠵᠤ᠂ ᠠᠵᠤ ᠠᠬᠤᠶᠢᠯᠠᠯ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠬᠥᠭᠵᠢᠯᠲᠡ ᠶᠢᠨ ᠠᠵᠠ ᠲᠣᠬᠢᠶᠠᠯ ᠢ ᠡᠵᠡᠮᠳᠡᠨ᠂ ᠣᠯᠠᠨ ᠤᠯᠤᠰ ᠤᠨ ᠵᠠᠬ᠎ᠠ ᠳᠡᠯᠭᠡᠭᠦᠷ ᠢ ᠥᠷᠭᠡᠳᠭᠡᠬᠦ ᠳᠤ ᠬᠦᠴᠦᠨ ᠨᠡᠮᠡᠷᠢᠯᠡᠪᠡ᠃ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠶᠢᠨ ᠫᠷᠤᠹᠧᠰᠰᠤᠷ ᠯᠢ ᠷᠦᠢ  ᠹᠧᠩ ︽ᠬᠢᠯᠢ ᠶᠢᠨ ᠪᠣᠭᠤᠮᠲᠠ ᠶᠢᠨ ᠠᠵᠤ ᠠᠬᠤᠢ ᠪᠣᠯᠤᠨ ᠳᠤᠮᠳᠠᠳᠤ ᠮᠣᠩᠭᠤᠯ ᠤᠷᠤᠰ ᠬᠠᠮᠵᠢᠯᠴᠠᠨ ᠬᠥᠭᠵᠢᠬᠦ︾ ᠪᠠᠷ ᠭᠤᠣᠯ ᠰᠡᠳᠦᠪ ᠪᠣᠯᠭᠠᠵᠤ᠂ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠳᠠᠯᠳᠠ ᠬᠦᠴᠦᠨ ᠪᠣᠯᠤᠨ ᠴᠢᠭᠯᠡᠯ ᠢ ᠭᠦᠨᠵᠡᠭᠡᠢ ᠵᠠᠳᠠᠯᠤᠨ ᠰᠢᠨᠵᠢᠯᠡᠵᠦ᠂ ᠠᠵᠤ ᠠᠬᠤᠶᠢᠯᠠᠯ ᠤᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠲᠥᠯᠥᠪᠵᠢᠭᠦᠯᠦᠨ ᠬᠥᠭᠵᠢᠭᠦᠯᠬᠦ ᠳᠤ ᠴᠢᠬᠤᠯᠠ ᠯᠠᠪᠯᠠᠯᠲᠠ ᠬᠠᠩᠭᠠᠪᠠ᠃ ᠡᠭᠦᠨ ᠠᠴᠠ ᠭᠠᠳᠠᠨ᠎ᠠ᠂ ᠬᠢᠩᠭᠠᠨ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠪᠣᠭᠤᠮᠲᠠ ᠶᠢᠨ ᠲᠣᠪᠴᠢᠶ᠎ᠠ ᠪᠠᠰᠠ ᠬᠤᠯᠪᠣᠭᠳᠠᠯ ᠪᠥᠬᠦᠶ ᠭᠠᠳᠠᠭᠠᠳᠤ ᠠᠵᠤ ᠠᠬᠤᠶ ᠠᠷᠠᠯᠵᠢᠶᠠᠨ ᠤ ᠲᠥᠷᠥ ᠶᠢᠨ ᠪᠣᠳᠣᠯᠭ᠎ᠠ ᠶᠢᠨ ᠲᠤᠬᠠᠶ ᠨᠠᠷᠢᠯᠢᠭ ᠲᠠᠶᠢᠯᠤᠮᠵᠢ ᠬᠢᠵᠦ᠂ ᠠᠵᠦ ᠠᠬᠤᠶᠢᠯᠠᠯ ᠶᠢᠨ ᠳᠦᠷᠦ ᠶᠢᠨ ᠪᠤᠳᠤᠯᠭ᠎ᠠ ᠶᠢ ᠭᠦᠢᠴᠡᠳ ᠠᠰᠢᠭᠯᠠᠨ ᠬᠡᠷᠡᠭᠯᠡᠬᠦ ᠶᠢ ᠠᠬᠢᠭᠤᠯᠵᠠᠢ᠃      ︽ᠷᠠᠰᠢᠶᠠᠨ ᠤ ᠬᠢᠯᠢ ᠶᠢᠨ ᠪᠣᠭᠤᠮᠲᠠ ᠨᠢ ᠤᠮᠠᠷᠠᠰᠢ ᠨᠡᠭᠡᠭᠡᠯᠲᠡ ᠬᠢᠬᠦ ᠴᠢᠬᠤᠯᠠ ᠴᠣᠩᠬᠤᠪᠴᠢ ᠪᠣᠯᠤᠭᠰᠠᠨ ᠤ ᠬᠤᠪᠢ ᠳᠤ᠂ ᠣᠷᠣᠰ ᠮᠣᠩᠭᠤᠯ  ᠣᠯᠣᠰ ᠢ ᠬᠤᠯᠪᠣᠬᠤ᠂ ᠵᠡᠭᠦᠨ ᠬᠤᠶᠢᠲᠤ ᠠᠽᠢᠶ᠎ᠠ ᠶᠢ ᠨᠥᠯᠥᠭᠡᠯᠡᠬᠦ ᠪᠠᠶᠢᠯᠳᠤᠬᠤ ᠪᠣᠳᠣᠯᠭ᠎ᠠ ᠶᠢᠨ ᠡᠭᠦᠷᠭᠡ ᠶᠢ ᠡᠭᠦᠷᠭᠡᠯᠡᠵᠦ ᠪᠤᠢ᠃ ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ ᠠᠵᠤ ᠠᠬᠤᠶᠢᠯᠠᠯᠲᠠᠳ ᠲᠤ ᠷᠠᠰᠢᠶᠠᠨ ᠤ ᠬᠢᠯᠢ ᠶᠢᠨ ᠪᠣᠭᠤᠮᠲᠠ ᠶᠢᠨ ᠴᠢᠳᠠᠮᠵᠢ ᠶᠢᠨ ᠳᠠᠪᠠᠭᠤᠯᠢᠭ᠂ ᠪᠣᠭᠤᠮᠲᠠ ᠪᠠᠷ ᠥᠩᠭᠡᠷᠡᠬᠦ ᠶᠠᠪᠤᠴᠠ ᠵᠢᠴᠢ ᠬᠢᠯᠢ ᠶᠢᠨ ᠠᠷᠠᠯᠵᠢᠶᠠᠨ ᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠭᠦᠨᠵᠡᠭᠡᠶ ᠣᠶᠢᠯᠠᠭᠠᠭᠤᠯᠵᠤ᠂ ᠬᠢᠯᠢ ᠶᠢᠨ ᠠᠷᠠᠯᠵᠢᠶᠠᠨ ᠤ ᠬᠥᠭᠵᠢᠯᠲᠡ ᠶᠢᠨ ᠠᠵᠠ ᠲᠣᠬᠢᠶᠠᠯ ᠢ ᠤᠨᠤᠴᠠᠳᠠᠢ ᠡᠵᠡᠮᠳᠡᠨ᠂ ᠣᠯᠠᠨ ᠤᠯᠤᠰ ᠤᠨ ᠵᠠᠬ᠎ᠠ ᠳᠡᠯᠭᠡᠭᠦᠷ ᠤᠨ ᠡᠬᠢ ᠪᠠᠶᠠᠯᠢᠭ ᠲᠠᠢ ᠢᠳᠡᠪᠬᠢᠲᠡᠶ ᠵᠣᠯᠭᠠᠭᠤᠯᠵᠤ᠂ ᠬᠢᠯᠢ ᠠᠯᠤᠰᠯᠠᠭᠰᠠᠨ ᠬᠠᠮᠲᠤᠷᠠᠯᠴᠠᠭᠠᠨ ᠤ ᠠᠷᠭ᠎ᠠ ᠵᠠᠮ ᠢ ᠥᠷᠭᠡᠳᠭᠡᠬᠦ ᠶᠢ ᠬᠦᠰᠡᠵᠦ ᠪᠠᠶᠢᠬᠤ ᠮᠦᠷᠳᠡᠬᠡᠨ ᠠᠵᠤ ᠠᠬᠤᠶᠢᠯᠠᠯᠲᠠᠨ ᠤ ᠬᠢᠯᠢ ᠶᠢᠨ ᠪᠣᠭᠤᠮᠲᠠ ᠶᠢᠨ ᠠᠵᠤ ᠠᠬᠤᠢ ᠪᠣᠯᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ᠂ ᠪᠣᠬᠢᠷᠲᠤᠯ ᠦᠭᠡᠢ ᠠᠵᠤ ᠦᠢᠯᠡᠰ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠬᠢᠩᠭᠠᠨ ᠠᠶᠢᠮᠠᠭ ᠤᠨ ᠣᠨᠴᠠᠯᠢᠭ ᠲᠠᠢ ᠭᠠᠳᠠᠭᠠᠳᠦ ᠠᠷᠠᠯᠵᠢᠶᠠᠨ ᠤ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠵᠠᠭᠪᠤᠷ ᠢ ᠬᠠᠮᠲᠤᠪᠠᠷ ᠴᠣᠭᠴᠠᠯᠠᠬᠤ ᠶᠢ ᠬᠦᠰᠡᠵᠦ ᠪᠠᠶᠢᠨ᠎ᠠ︾ ᠭᠡᠵᠦ ᠬᠢᠩᠭᠠᠨ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠪᠣᠭᠤᠮᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠭᠦᠸᠧ ᠹᠧᠩ ᠴᠢᠦ ᠬᠡᠯᠡᠵᠦ ᠪᠠᠶᠢᠪᠠ᠃ ︵ᠨᠢᠩᠵᠢᠨ   ᠰᠦᠨ ᠰᠢᠨ ᠢᠦᠢ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号