ᠰᠢᠨ᠎ᠡ ᠡᠭᠢᠯᠡᠯᠳᠡ ᠰᠢᠨ᠎ᠡ ᠬᠦᠰᠡᠯ ᠰᠢᠨ᠎ᠡ ᠵᠤᠷᠢᠯᠲᠠ
ᠨᠡᠶᠢᠲᠡᠯᠡᠭᠰᠡᠨ ᠴᠠᠭ᠄
2025/2/28
      — ᠬᠢᠩᠭᠠᠨ ᠠᠶᠢᠮᠠᠭ ᠤᠨ ᠡᠯ᠎ᠡ ᠳᠤᠮᠳᠠᠳᠤ ᠪᠠᠭ᠎ᠠ ᠰᠤᠷᠭᠠᠭᠤᠯᠢ ᠬᠡᠤᠬᠡᠳ ᠤᠨ ᠴᠡᠴᠡᠷᠯᠢᠭ ᠤᠨ ᠰᠢᠨ᠎ᠡ ᠰᠤᠷᠤᠯᠭ᠎ᠠ ᠶᠢᠨ ᠬᠤᠭᠤᠴᠠᠭ᠎ᠠ ᠪᠠᠨ ᠡᠭᠢᠯᠡᠭᠦᠯᠦᠭᠰᠡᠨ ᠳᠤᠬᠠᠢ ᠳᠠᠳᠠᠯᠠᠭ᠎ᠠ      ᠷᠠᠰᠢᠶᠠᠨ ᠬᠤᠳᠠ ᠶᠢᠨ ᠨᠢᠬᠡᠳᠦᠭᠡᠷ ᠪᠠᠭ᠎ᠠ ᠰᠤᠷᠭᠠᠭᠤᠯᠢ      2 ᠰᠠᠷ᠎ᠠ ᠶᠢᠨ 24 ᠤ ᠡᠳᠦᠷ᠂ ᠷᠠᠰᠢᠶᠠᠨ ᠬᠤᠳᠠ ᠶᠢᠨ ᠨᠢᠬᠡᠳᠦᠭᠡᠷ ᠪᠠᠭ᠎ᠠ ᠰᠤᠷᠭᠠᠭᠤᠯᠢ ᠬᠠᠪᠦᠷ ᠤᠨ ᠤᠯᠠᠷᠢᠯ ᠤᠨ ᠰᠢᠨ᠎ᠠ ᠰᠤᠷᠤᠯᠭ᠎ᠠ ᠶᠢᠨ ᠬᠤᠭᠤᠴᠠᠭᠠᠨ ᠤ ᠠᠩᠬᠠᠨ ᠤ ᠡᠳᠦᠷ ᠢᠶᠠᠨ ᠤᠬᠳᠤᠨ ᠠᠪᠦᠯ᠎ᠠ᠃ ᠢᠯᠤᠮ ᠵᠢᠯᠦᠮ ᠪᠠᠶᠢᠬᠰᠠᠨ ᠰᠤᠷᠭᠠᠭᠤᠯᠢ ᠶᠢᠨ ᠬᠦᠷᠢᠶ᠎ᠡ ᠲᠠᠬᠢᠨᠳᠠ ᠬᠦᠷ ᠬᠦᠭᠵᠢᠶᠡᠨ ᠢᠶᠠᠷ ᠪᠢᠯᠬᠠᠵᠦ᠂ ᠪᠠᠭᠰᠢ ᠰᠤᠷᠤᠬᠴᠢᠳ ᠤᠷᠬᠢᠯᠦᠮ᠎ᠠ ᠬᠠᠯᠠᠭᠤᠨ ᠰᠡᠳᠬᠢᠯᠭᠡ ᠪᠠ ᠢᠳᠡᠪᠬᠢᠳᠡᠢ ᠤᠪᠤᠷ ᠢᠶᠠᠷ ᠰᠢᠨ᠎ᠠ ᠰᠤᠷᠤᠯᠭ᠎ᠠ ᠶᠢᠨ ᠬᠤᠭᠤᠴᠠᠭᠠᠨ ᠤ ᠠᠵᠢᠯ ᠰᠤᠷᠤᠯᠭ᠎ᠠ ᠳᠠᠭᠠᠨ ᠰᠢᠮᠳᠡᠬᠤ ᠪᠠᠷ ᠪᠡᠯᠡᠬᠡᠨ ᠪᠤᠯᠤᠭᠠᠳ ᠪᠠᠶᠢᠨ᠎ᠠ᠃      ᠷᠠᠰᠢᠶᠠᠨ ᠬᠤᠳᠠ ᠶᠢᠨ ᠨᠢᠬᠡᠳᠦᠭᠡᠷ ᠪᠠᠭ᠎ᠠ ᠰᠤᠷᠭᠠᠭᠤᠯᠢ ᠶᠢᠨ ᠬᠢᠴᠢᠶᠡᠯ ᠤᠨ ᠲᠢᠩᠬᠢᠮ ᠳᠤ ᠪᠠᠭᠰᠢ ᠨᠠᠷ ᠤᠨ ᠪᠠᠶᠠᠯᠢᠭ ᠠᠭᠤᠯᠭ᠎ᠠ ᠲᠠᠢ ᠬᠢᠴᠢᠶᠡᠯ ᠨᠢ ᠰᠤᠷᠤᠬᠴᠢᠳ ᠤᠨ ᠲᠤᠷ᠎ᠠ ᠰᠤᠨᠢᠷᠬᠠᠯ ᠢ ᠲᠠᠳᠠᠵᠦ᠂ ᠬᠢᠴᠢᠶᠡᠯ ᠤᠨ ᠲᠢᠩᠬᠢᠮ ᠤᠨ ᠠᠭᠤᠷ ᠠᠮᠢᠰᠬᠤᠯ ᠲᠦᠢᠯ ᠤᠨ ᠬᠦᠭᠵᠢᠶᠡᠨ ᠲᠠᠢ ᠪᠠᠶᠢᠯ᠎ᠠ᠃ ᠷᠠᠰᠢᠶᠠᠨ ᠬᠤᠳᠠ ᠶᠢᠨ ᠨᠢᠬᠡᠳᠦᠭᠡᠷ ᠪᠠᠭ᠎ᠠ ᠰᠤᠷᠭᠠᠭᠤᠯᠢ ᠶᠢᠨ ᠪᠠᠭᠰᠢ ᠸᠠᠩ ᠨᠠᠨ᠄ ︽ᠰᠢᠨ᠎ᠠ ᠰᠤᠷᠤᠯᠭ᠎ᠠ ᠶᠢᠨ ᠬᠤᠭᠤᠴᠠᠭᠠᠨ ᠳᠤ ᠪᠢ ᠴᠤᠪᠤᠭᠤ ᠲᠡᠭᠵᠢᠨ ᠰᠤᠷᠤᠬᠴᠢᠳ ᠢᠶᠠᠨ ᠬᠠᠷᠠᠭᠠᠳ ᠲᠦᠢᠯ ᠢᠶᠠᠷ ᠪᠠᠶᠠᠷᠯᠠᠵᠦ ᠪᠠᠶᠢᠨ᠎ᠠ᠃ ᠪᠢ ᠰᠢᠨ᠎ᠠ ᠰᠤᠷᠤᠯᠭ᠎ᠠ ᠶᠢᠨ ᠬᠤᠭᠤᠴᠠᠭᠠᠨ ᠳᠤ ᠰᠤᠷᠤᠬᠴᠢᠳ ᠲᠠᠢ ᠪᠠᠨ ᠢᠯᠡᠬᠦᠦ ᠶᠠᠷᠢᠯᠴᠠᠵᠦ᠂ ᠬᠢᠴᠢᠶᠡᠯ ᠤᠨ ᠠᠭᠤᠯᠭ᠎ᠠ ᠪᠠᠨ ᠠᠮᠢᠳᠤᠯᠢᠭ ᠰᠤᠨᠢᠷᠬᠠᠯᠳᠠᠢ ᠪᠤᠯᠭᠠᠨ ᠲᠠᠶᠢᠯᠪᠦᠷᠢᠯᠠᠨ᠎ᠠ᠃ ᠵᠢᠭᠠᠨ ᠰᠤᠷᠭᠠᠯᠳᠠ ᠶᠢᠨ ᠲᠠᠯ᠎ᠠ ᠪᠠᠷ᠂ ᠰᠢᠨ᠎ᠠ ᠵᠢᠭᠠᠬᠤ ᠮᠠᠲ᠋ᠧᠷᠢᠶᠠᠯ ᠤᠨ ᠤᠨᠴᠠᠯᠢᠭ ᠲᠠᠢ ᠤᠶᠠᠯᠳᠤᠭᠤᠯᠤᠨ ᠤᠯᠠᠨ ᠦᠢᠯᠡᠳᠦᠯᠬᠡ ᠶᠢᠨ ᠵᠢᠱᠢᠶ᠎ᠡ ᠶᠢ ᠠᠭᠤᠰᠤᠯᠴᠠᠭᠤᠯᠵᠦ᠂ ᠰᠤᠷᠤᠬᠴᠢᠳ ᠤᠨ ᠬᠠᠷᠠᠭ᠎ᠠ ᠶᠢ ᠦᠷᠭᠡᠳᠬᠡᠬᠦ ᠪᠠᠷ ᠴᠢᠷᠮᠠᠶᠢᠨ᠎ᠠ᠃ ᠪᠠᠰᠠ ᠰᠤᠷᠤᠬᠴᠢᠳ ᠢᠶᠠᠨ ᠰᠢᠨ᠎ᠠ ᠰᠡᠪᠡᠬᠦᠨ ᠵᠦᠢᠯᠡᠰ ᠢ ᠢᠳᠡᠪᠬᠢᠳᠡᠢ ᠲᠤᠷᠰᠢᠬᠤ ᠶᠢ ᠵᠤᠷᠢᠬᠵᠢᠭᠤᠯᠤᠨ᠂ ᠬᠦᠴᠢᠷ ᠪᠡᠷᠬᠡᠰᠢᠶᠡᠯ ᠲᠤᠯᠭᠠᠷᠠᠪᠠᠯ ᠲᠡᠳᠡᠨ ᠢ ᠢᠳᠡᠪᠬᠢᠳᠡᠢ ᠵᠢᠯᠤᠭᠤᠳᠤᠨ᠎ᠠ︾ ᠬᠡᠵᠦ ᠰᠤᠷᠪᠤᠯᠵᠢᠯᠠᠬᠴᠢ ᠳᠤ ᠶᠠᠷᠢᠵᠦ ᠪᠠᠶᠢᠯ᠎ᠠ᠃      ᠷᠠᠰᠢᠶᠠᠨ ᠬᠤᠳᠠ ᠶᠢᠨ ᠨᠢᠬᠡᠳᠦᠭᠡᠷ ᠪᠠᠭ᠎ᠠ ᠰᠤᠷᠭᠠᠭᠤᠯᠢ ᠶᠢᠨ ᠵᠢᠷᠭᠤᠳᠤᠭᠠᠷ ᠤᠨ ᠤ ᠨᠢᠬᠡᠳᠦᠬᠡᠷ ᠠᠩᠬᠢ ᠶᠢᠨ ᠰᠤᠷᠤᠬᠴᠢ ᠯᠢ ᠴᠧᠨ ᠢ᠄ ︽ᠪᠢ ᠰᠢᠨ᠎ᠠ ᠰᠤᠷᠤᠯᠭ᠎ᠠ ᠶᠢᠨ ᠬᠤᠭᠤᠴᠠᠭᠠᠨ ᠳᠠᠭᠠᠨ ᠴᠢᠷᠮᠠᠶᠢᠨ ᠰᠤᠷᠤᠯᠴᠠᠬᠤ ᠪᠠᠷ ᠪᠠᠷᠠᠬᠤ ᠦᠬᠡᠢ ᠪᠠᠰᠠ ᠬᠢᠴᠢᠶᠡᠯ ᠤᠨ ᠭᠠᠳᠠᠨᠠᠬᠢ ᠬᠦᠳᠡᠯᠬᠡᠬᠡᠨ ᠳᠤ ᠢᠳᠡᠪᠬᠢᠳᠡᠢ ᠤᠷᠤᠯᠴᠠᠵᠦ᠂ ᠰᠤᠷᠤᠯᠭ᠎ᠠ ᠶᠢᠨ ᠠᠮᠢᠳᠦᠷᠠᠯ ᠢᠶᠠᠨ ᠤᠯᠠᠮ ᠪᠠᠶᠠᠯᠢᠬᠵᠢᠭᠤᠯᠤᠨ᠎ᠠ︾ ᠬᠡᠵᠦ ᠬᠡᠯᠡᠨ᠎ᠡ᠃      ᠢᠤᠢ ᠱᠤᠸᠠᠩ ᠯᠢᠤ ᠶᠤᠸᠠᠨ ᠶᠤᠸᠠᠨ ᠮᠡᠳᠡᠬᠡᠯᠡᠪᠡ
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号