2025 ᠤᠨ ᠤ ᠴᠠᠭᠠᠨ ᠰᠠᠷ᠎ᠠ ᠶᠢᠨ ᠠᠮᠠᠷᠠᠯᠳᠠ ᠶᠢᠨ ᠬᠤᠭᠤᠴᠠᠭᠠᠨ ᠳᠤ᠂ ᠷᠠᠰᠢᠶᠠᠨ ᠬᠤᠳᠠ ᠮᠦᠰᠦ | ᠴᠠᠰᠤᠨ ᠤ ᠡᠳᠡᠭᠡᠤᠨ ᠭᠤᠶᠦ ᠦᠵᠡᠮᠵᠢ ᠪᠠ ᠡᠯᠪᠡᠭ ᠠᠭᠤᠯᠭ᠎ᠠ ᠪᠦᠬᠦᠢ ᠰᠤᠶᠤᠯ ᠵᠢᠭᠤᠯᠴᠢᠯᠠᠯ ᠤᠨ ᠠᠵᠢᠯᠯᠠᠭ᠎ᠠ᠂ | ᠲᠤᠳᠤᠨᠤ ᠦᠢᠯᠡᠴᠢᠯᠡᠭᠡ ᠪᠠᠷ ᠢᠶᠠᠨ ᠪᠦᠬᠦ ᠤᠯᠤᠰ ᠤᠨ ᠡᠯ᠎ᠠ ᠭᠠᠵᠠᠷ ᠤᠨ ᠵᠢᠭᠤᠯᠴᠢᠯᠬᠠᠴᠢᠤᠨ ᠲᠤ ᠴᠠᠭᠠᠨ ᠰᠠᠷ᠎ᠠ ᠶᠢᠨ | ᠬᠠᠪᠤ ᠴᠡᠩᠭᠡᠯ ᠢ ᠡᠳ᠋ᠯᠡᠬᠦᠯᠵᠤ᠂ ᠷᠠᠰᠢᠶᠠᠨ ᠬᠤᠳᠠ ᠶᠢᠨ ᠮᠦᠰᠦ ᠴᠠᠰᠤᠨ ᠤ ᠨᠠᠶᠢᠷ ᠨᠠᠭᠠᠳᠤᠮ ᠳᠤ ᠤᠷᠤᠯᠴᠠᠬᠰᠠᠨ | ᠬᠦᠮᠤᠨ ᠤ ᠲᠤᠭ᠎ᠠ ᠤᠯᠠᠮ ᠢᠶᠠᠷ ᠨᠡᠮᠡᠭᠳᠡᠪᠡ᠃ | ᠷᠠᠰᠢᠶᠠᠨ ᠬᠤᠲᠠ ᠶᠢᠨ ᠵᠢᠭᠤᠯᠴᠢᠯᠠᠯ ᠤᠨ ᠰᠠᠯᠠᠭ᠎ᠠ ᠮᠥᠴᠢᠷ ᠤᠨ ᠪᠦᠷᠢᠳᠭᠡᠯ ᠢ ᠦᠨᠳᠦᠰᠦᠯᠡᠪᠡᠯ᠂ 2025 | ᠣᠨ ᠤ ᠴᠠᠭᠠᠨ ᠰᠠᠷ᠎ᠠ ᠶᠢᠨ ᠠᠮᠠᠷᠠᠯᠳᠡ ᠶᠢᠨ ᠬᠤᠭᠤᠴᠠᠭᠠᠨ ᠳᠤ᠂ ᠷᠠᠰᠢᠶᠠᠨ ᠬᠤᠲᠠ ᠨᠡᠶᠢᠲᠡ 8.48 ᠲᠦᠮᠡᠨ | ᠬᠥᠮᠦᠨ ᠤᠳᠠᠭ᠎ᠠ ᠵᠢᠭᠤᠯᠴᠢᠯᠬᠠᠴᠢ ᠶᠢ ᠭᠥᠯᠢᠶᠡᠨ ᠠᠪᠴᠤ᠂ ᠠᠳᠠᠯᠢ ᠬᠤᠭᠤᠴᠠᠭᠠᠨ ᠤ ᠬᠢ ᠠᠴᠠ 24.7% ᠪᠠᠷ | ᠨᠡᠮᠡᠭᠳᠡᠪᠡ᠃ ᠵᠢᠭᠤᠯᠴᠢᠯᠠᠯ ᠤᠨ ᠣᠷᠣᠯᠭ᠎ᠠ 0.99 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 27.6 % ᠪᠠᠷ ᠨᠡᠮᠡᠭᠳᠡᠪᠡ᠃ | ᠷᠠᠰᠢᠶᠠᠨ ᠬᠤᠳᠠ ᠡᠪᠤᠯ ᠤᠨ ᠤᠯᠠᠷᠢᠯ ᠤᠨ ᠵᠢᠭᠤᠯᠴᠢᠯᠠᠯ ᠤᠨ ᠠᠵᠢᠯᠯᠠᠭ᠎ᠠ ᠳᠠᠭᠠᠨ 30 ᠭᠠᠷᠤᠢ ᠵᠢᠭᠤᠯᠴᠢᠯᠠᠨ | ᠨᠠᠭᠠᠳᠬᠤ ᠲᠦᠷᠦᠯ ᠵᠦᠢᠯ ᠢ ᠲᠤᠬᠢᠷᠠᠭᠤᠯᠵᠦ᠂ 50 ᠭᠠᠷᠤᠢ ᠲᠦᠷᠤᠯ ᠤᠨ ᠠᠷᠠᠳ ᠤᠨ ᠵᠠᠩ ᠵᠠᠩᠰᠢᠯ ᠢ | ᠣᠶᠢᠯᠠᠭᠠᠬᠤ ᠠᠵᠢᠯᠯᠠᠭ᠎ᠠ ᠦᠷᠨᠢᠭᠦᠯᠵᠦ᠂ ᠵᠢᠭᠤᠯᠴᠢᠯᠬᠠᠴᠢᠤᠨ ᠲᠤ ᠵᠡᠭᠦᠨ ᠬᠤᠶᠢᠲᠤ ᠤᠷᠤᠨ ᠤ ᠥᠪᠡᠷᠮᠢᠴᠡ ᠵᠠᠩ | ᠦᠢᠯᠡ ᠶᠢᠨ ᠷᠢᠳᠢ ᠰᠢᠳᠢ ᠶᠢ ᠣᠶᠢᠯᠠᠭᠠᠭᠤᠯᠪᠠ᠃ | ︽ᠪᠢ ᠠᠩᠬ᠎ᠠ ᠤᠳᠠᠭ᠎ᠠ ᠷᠠᠰᠢᠶᠠᠨ ᠳᠤ ᠢᠷᠡᠵᠦ ᠰᠢᠨᠡᠯᠡᠵᠦ ᠪᠠᠶᠢᠨ᠎ᠠ᠂ ᠴᠠᠭᠠᠨ ᠰᠠᠷ᠎ᠠ ᠶᠢᠨ ᠬᠤᠭᠤᠴᠠᠭᠠᠨ ᠳᠤ | ᠮᠦᠰᠦ ᠴᠠᠰᠤᠨ ᠤ ᠦᠵᠡᠮᠵᠢ ᠪᠠ ᠴᠠᠰᠤᠳᠦ ᠲᠤᠰᠬᠤᠨ ᠤ ᠰᠦᠨᠢ ᠶᠢᠨ ᠦᠵᠡᠮᠵᠢ ᠶᠢ ᠰᠤᠨᠢᠷᠬᠠᠭᠠᠤᠨ ᠮᠠᠰᠢ | ᠬᠠᠨᠤᠮᠵᠢᠳᠠᠢ ᠪᠠᠶᠢᠨ᠎ᠠ᠃ ᠡᠨᠡ ᠪᠣᠯ ᠮᠢᠨᠦ ᠨᠢᠭᠡ ᠤᠳᠠᠭᠠᠨ ᠤ ᠮᠠᠷᠲᠠᠭᠳᠠᠰᠢ ᠦᠭᠡᠢ ᠴᠠᠭᠠᠨ ᠰᠠᠷ᠎ᠠ ᠪᠤᠯᠤᠨ᠎ᠠ︾ ᠭᠡᠵᠦ | ᠰᠢᠶᠠᠮᠧᠨ ᠤ ᠵᠢᠭᠤᠯᠴᠢᠯᠬᠠᠴᠢ ᠵᠠᠩ ᠨᠢᠩ ᠬᠡᠯᠡᠪᠡ᠃ | ︽ᠷᠠᠰᠢᠶᠠᠨ ᠬᠤᠳᠡ ᠶᠢᠨ ᠡᠪᠤᠯ ᠤᠨ ᠤᠯᠠᠷᠢᠯ ᠤᠨ ᠦᠩᠭᠡ ᠦᠵᠡᠮᠵᠢ ᠡᠳᠡᠭᠡᠳ ᠭᠤᠶᠦ ᠪᠠᠶᠢᠨ᠎ᠠ᠃ | ᠭᠡᠷ ᠲᠡᠭᠡᠨ ᠬᠠᠷᠢᠨᠨᠰᠠᠨ ᠤ ᠲᠠᠷᠠᠭ᠎ᠠ ᠬᠠᠵᠠᠭᠤᠳᠡᠬᠢ ᠬᠦᠮᠦᠰ ᠲᠡᠭᠡᠨ ᠷᠠᠰᠢᠶᠠᠨ ᠬᠤᠳᠠ ᠶᠢᠨ ᠦᠡᠭᠭᠡ ᠦᠵᠡᠮᠵᠢ ᠶᠢ | ᠲᠠᠨᠢᠯᠴᠠᠭᠤᠯᠵᠦ ᠵᠢᠭᠤᠯᠴᠢᠯᠡᠨ ᠲᠤᠭᠤᠷᠢᠬᠤ ᠶᠢ ᠵᠤᠷᠢᠬᠵᠢᠭᠤᠯᠤᠨ᠎ᠠ︾ ᠭᠡᠵᠦ ᠱᠠᠩᠬᠠᠢ ᠬᠤᠳᠠ ᠶᠢᠨ ᠵᠢᠭᠤᠯᠴᠢᠯᠬᠠᠴᠢ | ᠶᠠᠩ ᠶᠦᠨ ᠬᠡᠯᠡᠪᠡ᠃ | ᠴᠠᠭᠠᠨ ᠰᠠᠷ᠎ᠠ ᠶᠢᠨ ᠠᠮᠠᠷᠠᠯᠳᠡ ᠶᠢᠨ ᠬᠤᠭᠤᠴᠠᠭᠠᠨ ᠳᠤ᠂ ᠷᠠᠰᠢᠶᠠᠨ ᠬᠤᠳᠠ ᠶᠢᠨ ᠲᠤᠳᠤᠨᠤ ᠦᠢᠯᠡᠴᠢᠯᠡᠭᠡ ᠨᠢ | ᠪᠦᠬᠦ ᠤᠯᠤᠰ ᠤᠨ ᠡᠯ᠎ᠠ ᠭᠠᠵᠠᠷ ᠤᠨ ᠵᠢᠭᠤᠯᠴᠢᠯᠬᠠᠴᠢᠤᠨ ᠤᠨ ᠦᠨᠳᠦᠷ ᠦᠨᠡᠯᠡᠯᠳᠡ ᠶᠢ ᠤᠯᠤᠨᠨᠰᠠᠨ ᠢᠶᠠᠷ ᠪᠠᠷᠠᠬᠤ | ᠦᠭᠡᠢ᠂ ᠷᠠᠰᠢᠶᠠᠨ ᠬᠤᠳᠠ ᠶᠢᠨ ᠵᠣᠴᠢᠳ ᠤᠨ ᠪᠠᠭᠤᠳᠠᠯ᠂ ᠬᠤᠭᠤᠯᠠᠨ ᠭᠡᠷ ᠴᠤ ᠥᠪᠠᠷᠮᠢᠴᠡ ᠣᠨᠴᠠᠯᠢᠭ ᠲᠠᠢ | ᠪᠢᠲᠡᠭᠦᠨ ᠤ ᠬᠤᠭᠤᠯᠠ ᠪᠣᠯᠤᠨ ᠰᠢᠯᠢᠳᠡᠭ ᠦᠢᠯᠡᠴᠢᠯᠡᠭᠡ ᠪᠠᠷ ᠢᠶᠠᠨ ᠵᠢᠭᠤᠯᠴᠢᠯᠬᠠᠴᠢᠤᠨ ᠲᠤ ᠭᠡᠷ ᠪᠦᠯᠢ ᠶᠢᠨ | ᠬᠠᠯᠠᠭᠤᠨ ᠳᠤᠯᠠᠭᠠᠨ ᠴᠠᠭᠠᠨ ᠰᠠᠷ᠎ᠠ ᠶᠢᠨ ᠪᠠᠶᠠᠷ ᠪᠠᠭ᠋ᠠᠳᠤᠯ ᠢ ᠡᠳ᠋ᠯᠡᠭᠦᠯᠵᠡᠢ᠃ ︵ᠴᠡᠩᠭᠡᠯ︶ |