ᠷᠠᠰᠢᠶᠠᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠶᠠᠷᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/3/10
      3 ᠰᠠᠷ᠎ᠠ ᠶᠢᠨ 3 ᠤ ᠡᠳᠦᠷ ᠠᠴᠠ 4 ᠤ ᠡᠳᠦᠷ ᠪᠣᠯᠲᠠᠯ᠎ᠠ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠢᠦᠶ ᠵᠢᠶ ᠱᠦᠨ ᠷᠠᠰᠢᠶᠠᠨ ᠬᠤᠲᠠ ᠳᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃      ᠷᠠᠰᠢᠶᠠᠨ ᠬᠤᠲᠠ ᠶᠢᠨ ᠵᠤᠴᠢᠳ ᠤᠨ ᠪᠠᠭᠤᠳᠠᠯ᠂ ᠢᠳᠡᠭᠡᠨ ᠤᠮᠳᠠᠭᠠᠨ᠂ ᠵᠢᠵᠢᠭᠯᠡᠨ ᠪᠤᠷᠤᠯᠠᠭᠤᠯᠬᠤ ᠬᠤᠳᠠᠯᠳᠤᠭᠠᠨ ᠤ ᠳᠡᠯᠭᠡᠭᠦᠷ᠂ ᠬᠡᠲᠦ ᠳᠡᠯᠭᠡᠭᠦᠷ᠂ ᠵᠢᠭᠤᠯᠴᠢᠯᠠᠯ ᠤᠨ ᠺᠣᠮᠫᠠᠨᠢ ᠵᠡᠷᠭᠡ ᠠᠵᠢᠯ ᠲᠥᠷᠥᠯ ᠤᠨ ᠲᠥᠯᠥᠭᠡᠯᠡᠭᠴᠢ᠂ ᠦᠵᠡᠮᠵᠢ ᠶᠢᠨ ᠤᠷᠤᠨ᠂ ᠰᠣᠶᠣᠯ ᠤᠨ ᠵᠠᠭᠤᠴᠢᠯᠠᠭᠤᠷ᠂ ᠰᠣᠶᠣᠯ ᠵᠢᠭᠤᠯᠴᠢᠯᠠᠯ ᠤᠨ ᠺᠣᠮᠫᠠᠨᠢ ᠵᠡᠷᠭᠡ ᠠᠵᠤ ᠠᠬᠤᠶᠢᠯᠠᠯ ᠤᠨ ᠲᠥᠯᠥᠭᠡᠯᠡᠭᠴᠢ ᠵᠢᠴᠢ ᠬᠤᠲᠠ ᠶᠢᠨ ᠠᠷᠠᠳ ᠤᠨ ᠲᠥᠯᠥᠭᠡᠯᠡᠭᠴᠢᠳ ᠤᠷᠢᠯᠭ᠎ᠠ ᠪᠠᠷ ᠬᠤᠷᠠᠯ ᠳᠤ ᠣᠷᠣᠯᠴᠠᠪᠠ᠃ ᠲᠥᠯᠥᠭᠡᠯᠡᠭᠴᠢᠳ ᠪᠣᠳᠠᠲᠠᠢ ᠳᠤ ᠰᠠᠭᠤᠷᠢᠯᠠᠵᠤ᠂ ᠵᠠᠮ ᠬᠠᠷᠢᠯᠴᠠᠭᠠᠨ ᠤ ᠰᠦᠯᠵᠢᠶ᠎ᠠ ᠶᠢᠨ ᠪᠠᠶᠢᠭᠤᠯᠤᠯᠲᠠ᠂ ᠦᠵᠡᠮᠵᠢ ᠶᠢᠨ ᠣᠷᠣᠨ ᠢ ᠲᠡᠭᠦᠯᠳᠡᠷᠵᠢᠭᠦᠯᠬᠦ᠂ ᠰᠣᠶᠣᠯ ᠵᠢᠭᠤᠯᠴᠢᠯᠠᠯ ᠤᠨ ᠦᠢᠯᠡᠰ ᠢ ᠤᠬᠠᠭᠤᠯᠤᠨ ᠲᠠᠨᠢᠯᠴᠠᠭᠤᠯᠬᠤ᠂ ᠬᠤᠳᠠ ᠶᠢᠨ IP ᠶᠢ ᠴᠣᠭᠴᠠᠯᠠᠬᠤ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠲᠦᠷᠦᠭᠳᠡᠯ ᠢᠶᠠᠨ ᠶᠠᠷᠢᠵᠤ᠂ ᠷᠠᠰᠢᠶᠠᠨ ᠬᠤᠳᠠ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠳᠤ ᠠᠷᠭ᠎ᠠ ᠤᠬᠠᠭᠠᠨ ᠭᠠᠷᠭᠠᠵᠤ ᠥᠭᠴᠡᠢ᠃ ᠢᠦᠢ ᠵᠢᠢ ᠱᠦᠨ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠲᠥᠯᠥᠭᠡᠯᠡᠭᠴᠢᠳ ᠤᠨ ᠳᠤᠷᠠᠳᠤᠭᠰᠠᠨ ᠡᠵᠡᠩᠨᠡᠯᠲᠡ ᠶᠢᠨ ᠥᠪᠡᠷ ᠤᠨ ᠦᠷᠳᠡᠭ ᠪᠡᠯᠡ ᠮᠥᠩᠭᠦᠨ ᠤ ᠳᠠᠷᠤᠯᠲᠠ ᠶᠡᠭᠡ᠂ ᠠᠵᠢᠯᠴᠢᠨ ᠡᠯᠰᠡᠵᠦ ᠠᠵᠢᠯᠴᠢᠨ ᠬᠡᠷᠡᠭᠯᠡᠬᠦ ᠳᠤ ᠬᠦᠴᠢᠷ ᠵᠡᠷᠭᠡ ᠠᠰᠠᠭᠤᠳᠠᠯ ᠳᠤ ᠲᠤᠬᠠᠢ ᠶᠢᠨ ᠲᠠᠯᠠᠪᠤᠷ ᠤᠨ ᠪᠠᠶᠢᠷᠢᠯᠠᠭᠤᠯᠤᠯᠲᠠ ᠬᠢᠵᠡᠢ᠃ ᠢᠦᠶ ᠵᠢᠶ ᠱᠦᠨ ᠬᠡᠯᠡᠭᠰᠡᠨ ᠨᠢ᠂ ᠨᠢᠭᠤᠷᠲᠠᠨ ᠶᠠᠷᠢᠯᠴᠠᠵᠤ ᠰᠠᠨᠠᠯ ᠢᠶᠠᠨ ᠰᠣᠯᠢᠯᠴᠠᠬᠤ ᠪᠠᠷ ᠳᠡᠮᠵᠢᠨ᠂ ᠣᠯᠠᠨ ᠢᠶᠠᠷ ᠢᠶᠠᠨ ᠷᠠᠰᠢᠶᠠᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠲᠤᠬᠠᠶ ᠢᠲᠡᠭᠡᠯ ᠵᠣᠷᠢᠭ ᠢ ᠣᠯᠵᠤ ᠮᠡᠳᠡᠭᠰᠡᠨ ᠪᠥᠭᠡᠳ ᠪᠠᠰᠠ ᠡᠮᠦᠨ᠎ᠡ ᠹᠷᠣᠨᠲ ᠤᠨ ᠮᠠᠰᠢ ᠣᠯᠠᠨ ᠰᠠᠨᠠᠯ ᠰᠠᠨᠠᠭᠤᠯᠭ᠎ᠠ ᠶᠢ ᠣᠶᠢᠯᠠᠭᠠᠭᠰᠠᠨ ᠪᠠᠶᠢᠨ᠎ᠠ ᠭᠡᠵᠡᠶ᠃ ᠠᠶᠢᠮᠠᠭ ᠤᠨ ᠨᠠᠮ ᠤᠨ ᠬᠤᠷᠢᠶ᠎ᠠ ᠠᠶᠢᠮᠠᠭ ᠤᠨ ᠵᠠᠬᠢᠷᠭ᠎ᠠ ᠵᠢᠴᠢ ᠷᠠᠰᠢᠶᠠᠨ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠲᠥᠯᠥᠭᠡᠯᠡᠭᠴᠢᠳ ᠤᠨ ᠬᠠᠷᠢᠭᠤ ᠲᠤᠰᠬᠠᠭᠰᠠᠨ ᠰᠠᠨᠠᠯ ᠰᠠᠨᠠᠭᠤᠯᠭ᠎ᠠ ᠶᠢ ᠳᠡᠭᠡᠳᠦ ᠬᠡᠮᠵᠢᠶ᠎ᠠ ᠪᠠᠷ ᠴᠢᠬᠤᠯᠠᠴᠢᠯᠠᠵᠤ᠂ ᠲᠥᠯᠥᠭᠡᠯᠡᠭᠴᠢᠳ ᠤᠨ ᠳᠤᠷᠠᠳᠤᠭᠰᠠᠨ ᠰᠠᠨᠠᠯ ᠰᠠᠨᠠᠭᠤᠯᠭ᠎ᠠ ᠶᠢᠨ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠨᠡᠩ ᠰᠠᠶᠢᠨ ᠬᠥᠭᠵᠢᠯᠲᠡ ᠶᠢᠨ ᠣᠷᠴᠢᠨ ᠲᠣᠭᠤᠷᠢᠨ ᠪᠣᠯᠤᠨ ᠬᠤᠳᠠᠯᠳᠤᠭ᠎ᠠ ᠡᠷᠬᠢᠯᠡᠬᠦ ᠣᠷᠴᠢᠨ ᠨᠦᠭᠦᠴᠡᠯ ᠢ ᠰᠢᠯᠢᠳᠡᠭᠵᠢᠭᠦᠯᠵᠥ᠂ ᠷᠠᠰᠢᠶᠠᠨ ᠤ ᠵᠢᠭᠤᠯᠴᠢᠯᠠᠯ ᠢ ᠬᠦᠴᠦ ᠪᠠᠨ ᠬᠠᠮᠲᠤᠳᠬᠠᠨ ᠠᠬᠢᠭᠤᠯᠬᠤ ᠬᠡᠷᠡᠭᠳᠡᠢ ᠭᠡᠪᠡ᠃       ᠠᠶᠢᠮᠠᠭ ᠤᠨ ᠤᠳᠤᠷᠢᠳᠤᠯᠭ᠎ᠠ ᠶᠠᠨ ᠮᠢᠨ᠂ ᠶᠠᠩ ᠶᠦᠩ ᠵᠢᠦ᠂ ᠰᠦᠨ ᠱᠦ ᠳᠤᠤ᠂ ᠷᠠᠰᠢᠶᠠᠨ ᠬᠤᠲᠠ ᠵᠢᠴᠢ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号