ᠷᠠᠰᠢᠶᠠᠨ ᠬᠤᠳᠠ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠡᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/10
     3 ᠰᠠᠷ᠎ᠠ ᠶᠢᠨ 6 ᠤ ᠡᠳᠦᠷ᠂ ᠷᠠᠰᠢᠶᠠᠨ ᠬᠤᠲᠠ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠲᠥᠪᠯᠡᠷᠡᠭᠦᠯᠦᠨ ᠴᠡᠭᠴᠡᠯᠡᠨ ᠵᠠᠰᠠᠬᠤ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠪᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠡᠯ᠎ᠡ ᠪᠠᠯᠭᠠᠰᠤ ᠵᠡᠭᠡᠯᠢ ᠶᠢᠨ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯᠯᠠᠬᠤ ᠵᠦᠪᠯᠡᠯ ᠤᠨ ᠳᠡᠳ᠋ ᠡᠷᠬᠢᠯᠡᠭᠴᠢ᠂ ᠷᠠᠰᠢᠶᠠᠨ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠶᠠᠩ ᠶᠦᠩ ᠵᠢᠦ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠶᠠᠨ ᠮᠤᠤ ᠯᠢᠨ ᠬᠤᠷᠠᠯ ᠢ ᠡᠷᠭᠢᠯᠡᠭᠰᠡᠨ ᠪᠥᠭᠡᠳ ᠪᠣᠳᠠᠲᠠᠶ ᠪᠠᠶᠢᠷᠢᠯᠠᠭᠤᠯᠤᠯᠲᠠ ᠬᠢᠵᠡᠶ᠃     ᠬᠤᠷᠠᠯ ᠠᠴᠠ᠂ ᠪᠦᠬᠦ ᠬᠤᠳᠠ ᠪᠠᠷ ᠢᠶᠠᠨ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠡᠯ ᠤᠨ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠪᠠᠶᠢᠩᠭᠤ ᠥᠷᠨᠢᠭᠦᠯᠬᠦ ᠤᠯᠤᠰ ᠲᠦᠷᠦ ᠶᠢᠨ ᠪᠣᠳᠣᠯᠬᠢᠯᠠᠯ ᠢ ᠭᠦᠨᠵᠡᠭᠡᠢ ᠲᠠᠨᠢᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠲᠠᠢ ᠦᠨᠡᠨ ᠬᠦ ᠨᠢᠭᠡᠳᠬᠡᠵᠦ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ᠃ ︽ᠳᠡᠭᠡᠳᠤ ᠳᠣᠣᠷᠠᠳᠤ ᠱᠠᠳᠤ ᠪᠠᠷ ᠢᠶᠠᠨ ᠨᠢᠭᠡ ᠬᠥᠯᠭᠡ ᠰᠢᠳᠠᠷ᠎ᠠ ᠮᠡᠲᠦ ᠪᠠᠶᠢᠬᠤ︾ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠲᠦᠷᠦᠭᠦᠯᠡᠬᠦ ᠬᠠᠷᠢᠭᠤᠴᠠᠯᠭ᠎ᠠ ᠶᠢ ᠭᠦᠢᠴᠡᠳᠬᠡᠵᠦ᠂ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠴᠢᠩᠭᠠᠳᠬᠠᠵᠤ᠂ ︽ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠭᠤᠣᠯᠯᠠᠨ ᠬᠠᠷᠢᠭᠤᠴᠠᠵᠤ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠲᠦᠷᠦᠭᠦᠯᠡᠨ ᠶᠡᠷᠦᠩᠬᠡᠢ ᠠᠵᠢᠯ ᠢ ᠠᠳᠬᠤᠵᠤ᠂ ᠰᠠᠯᠠᠭ᠎ᠠ ᠮᠥᠴᠢᠷ ᠬᠠᠮᠵᠢᠯᠴᠠᠨ ᠠᠬᠢᠭᠤᠯᠵᠤ᠂ ᠪᠦᠬᠦ ᠬᠤᠳᠠ ᠪᠠᠷ ᠢᠶᠠᠨ ᠭᠤᠣᠯᠯᠠᠨ ᠠᠳᠬᠤᠵᠤ ᠭᠤᠣᠯᠯᠠᠨ ᠪᠠᠶᠢᠯᠳᠤᠬᠤ︾ ᠬᠤᠯᠪᠣᠭᠠᠯᠠᠨ ᠬᠥᠳᠡᠯᠦᠯᠴᠡᠬᠦ ᠰᠢᠰᠲ᠋ᠧᠮ ᠢ ᠴᠢᠩᠭᠠᠳᠬᠠᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠬᠦᠴᠦᠲᠡᠢ ᠨᠠᠶᠢᠳᠠᠪᠤᠷᠢᠵᠢᠭᠤᠯᠬᠤ ᠬᠡᠷᠡᠭᠲᠡᠢ᠃ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠠᠵᠢᠯ ᠤᠨ ᠭᠤᠣᠯᠳᠠᠯᠭ᠎ᠠ ᠶᠢ ᠴᠢᠩᠭ᠎ᠠ ᠠᠩᠬᠠᠷᠴᠤ᠂ ᠠᠰᠠᠭᠤᠳᠠᠯ ᠤᠨ ᠨᠠᠷᠢᠨ ᠳᠠᠩᠰᠠ ᠶᠢ ᠰᠠᠶᠢᠲᠤᠷ ᠪᠠᠶᠢᠭᠤᠯᠵᠤ᠂ ᠠᠵᠢᠯ ᠤᠨ ᠪᠣᠳᠠᠲᠤ ᠦᠷ᠎ᠡ ᠪᠦᠲᠦᠮᠵᠢ ᠶᠢ ᠡᠷᠬᠢᠮᠯᠡᠵᠦ᠂ ᠳᠦᠷᠢᠮ ᠲᠣᠭᠲᠠᠴᠠ ᠶᠢ ᠳᠠᠰᠤᠷᠠᠯᠳᠠ ᠦᠭᠡᠢ ᠪᠦᠷᠢᠨᠰᠢᠬᠦᠯᠵᠦ᠂ ᠲᠥᠪᠯᠡᠷᠡᠭᠦᠯᠦᠨ ᠴᠡᠭᠴᠡᠯᠡᠨ ᠵᠠᠰᠠᠬᠤ ᠡᠯ᠎ᠡ ᠭᠤᠭᠴᠤᠭ᠎ᠠ ᠶᠢ ᠪᠦᠬᠦ ᠲᠠᠯ᠎ᠠ ᠪᠠᠷ ᠳ᠋ᠦᠩᠨᠡᠨ ᠳᠡᠭᠡᠭᠰᠢᠯᠡᠭᠦᠯᠵᠦ᠂ ᠡᠷᠴᠢᠮ ᠢ ᠰᠤᠯᠠᠷᠠᠭᠤᠯᠬᠤ ᠦᠭᠡᠢ᠂ ᠪᠠᠷᠢᠮᠵᠢᠶ᠎ᠠ ᠶᠢ ᠪᠠᠭᠤᠷᠠᠭᠤᠯᠬᠤ ᠦᠭᠡᠢ ᠢᠯᠡ ᠲᠣᠳᠣ ᠳᠤᠬᠢᠶ᠎ᠠ ᠶᠢ ᠦᠷᠭᠦᠯᠵᠢᠯᠡᠨ ᠭᠠᠷᠭᠠᠬᠤ ᠬᠡᠷᠡᠭᠲᠡᠢ᠃ ᠬᠤᠳᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠢᠨ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠬᠢᠨᠠᠯᠲᠠ ᠲᠠᠯᠪᠢᠵᠤ ᠴᠡᠭᠴᠡᠯᠡᠨ ᠰᠠᠶᠢᠵᠢᠷᠠᠭᠤᠯᠵᠤ᠂ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠵᠤ᠂ ᠥᠷᠭᠡᠨ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ ᠢ ᠨᠡᠩ ᠲᠡᠭᠦᠯᠳᠡᠷ ᠪᠣᠯᠭᠠᠵᠤ᠂ ᠵᠣᠯ ᠵᠢᠷᠭᠠᠯᠲᠤ ᠲᠦᠷᠦᠭᠳᠡᠯ ᠢ ᠨᠡᠩ ᠦᠷᠭᠦᠯᠵᠢᠯᠡᠭᠦᠯᠵᠦ᠂ ᠠᠮᠤᠷ ᠲᠦᠪᠰᠢᠨ ᠤ ᠲᠦᠷᠦᠭᠳᠡᠯ ᠢ ᠨᠡᠩ ᠪᠠᠲᠤᠯᠠᠭ᠎ᠠ ᠲᠠᠢ ᠪᠣᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠳᠠ ᠶᠢᠨ ᠤᠳᠤᠷᠢᠳᠤᠯᠭ᠎ᠠ ᠡᠷᠬᠢᠮᠳᠦ᠂ ᠰᠦᠨ ᠪᠠᠢ ᠴᠤᠸᠠᠨ᠂ ᠵᠢᠶᠤᠤ ᠳ᠋ᠠ ᠠᠨ᠂ ᠲᠠᠢ ᠬᠠᠢ ᠹᠧᠩ᠂ ᠯᠦ ᠴᠢ ᠭᠦᠸᠧ᠂ ᠵᠤᠤ ᠫᠧᠩ ᠴᠢ᠂ ᠯᠢᠦ ᡁᠢ ᠴᠢᠶᠠᠩ᠂ ᠯᠢ ᠫᠧᠩ᠂ ᠸᠠᠩ ᠬᠠᠢ ᠵᠢᠶᠦ᠋ᠨ᠂ ᠲᠦᠷᠪᠡᠨ ᠪᠠᠯᠭᠠᠰᠤ ᠲᠦᠷᠪᠡᠨ ᠵᠡᠭᠡᠯᠢ ᠪᠣᠯᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠷᠠᠰᠢᠶᠠᠨ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号