| 3 ᠰᠠᠷ᠎ᠠ ᠶᠢᠨ 6 ᠤ ᠡᠳᠦᠷ᠂ ᠬᠢᠩᠭᠠᠨ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠠᠵᠢᠯᠯᠠᠬᠤ ᠬᠤᠷᠢᠶ᠎ᠠ ᠶᠢᠨ ᠳᠡᠳ᠋ ᠡᠷᠬᠢᠯᠡᠭᠴᠢ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠶᠠᠩ ᠶᠦᠩ ᠵᠢᠦ᠂ | ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠡᠷᠳᠡᠨᠢᠲᠦ ᠠᠩᠭᠢ ᠳᠠᠭᠠᠭᠤᠯᠤᠨ ᠪᠠᠶ | ᠯᠠᠩ ᠪᠠᠯᠭᠠᠰᠤᠨ ᠳᠤ ᠬᠦᠷᠴᠦ ᠪᠠᠶ ᠯᠠᠩ ᠤᠢ ᠶᠢᠨ ᠢᠷᠭᠡᠳ ᠤᠨ ᠵᠠᠩ ᠤᠶᠢᠯᠡ ᠶᠢᠨ ᠪᠠᠯᠭᠠᠰᠤᠨ ᠤ ᠲᠥᠷᠥᠯ | ᠵᠤᠶᠢᠯ ᠤᠨ ᠠᠬᠢᠴᠠ ᠶᠢᠨ ᠪᠠᠶᠢᠳᠠᠯ ᠢ ᠪᠠᠶᠢᠴᠠᠭᠠᠨ ᠰᠤᠳᠤᠯᠬᠤ ᠶᠢᠨ ᠬᠠᠮᠲᠤ ᠵᠣᠬᠢᠴᠠᠭᠤᠯᠬᠤ ᠬᠤᠷᠠᠯ ᠬᠢᠵᠦ᠂ ᠪᠠᠶ | ᠯᠠᠩ ᠣᠶ ᠰᠢᠭᠤᠶ ᠶᠢᠨ ᠲᠣᠪᠴᠢᠶ᠎ᠠ ᠲᠠᠢ ᠬᠠᠮᠲᠤ ᠪᠠᠷ ᠲᠠᠷᠠᠭᠠᠴᠢ ᠶᠢᠨ ᠠᠯᠬᠤᠮ ᠤᠨ ᠠᠵᠢᠯ ᠢᠶᠠᠨ ᠰᠤᠳᠤᠯᠤᠨ | ᠪᠠᠶᠢᠷᠢᠯᠠᠭᠤᠯᠪᠠ᠃ | ᠶᠠᠩ ᠶᠦᠩ ᠵᠢᠦ᠂ ᠪᠠᠢ ᠯᠠᠩ ᠤᠢ ᠶᠢᠨ ᠢᠷᠭᠡᠳ ᠤᠨ ᠵᠠᠩ ᠤᠶᠢᠯᠡ ᠶᠢᠨ ᠪᠠᠯᠭᠠᠰᠤ ᠪᠣᠯ ᠪᠠᠢ ᠯᠠᠩ ᠤᠢ | ᠶᠢᠨ ᠢᠷᠭᠡᠳ ᠤᠨ ᠦᠵᠡᠮᠵᠢ ᠶᠢᠨ ᠣᠷᠣᠨ ᠢ ᠪᠦᠳᠦᠬᠡᠨ ᠪᠠᠶᠢᠭᠤᠯᠬᠤ᠂ ᠷᠠᠰᠢᠶᠠᠨ ᠤ ᠪᠦᠬᠦ ᠣᠷᠣᠨ ᠪᠦᠰᠡ ᠶᠢᠨ | ᠵᠢᠭᠤᠯᠴᠢᠯᠠᠯ ᠢ ᠴᠣᠭᠴᠠᠯᠠᠬᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠦᠷᠭᠦᠯᠵᠢᠯᠡᠨ ᠨᠡᠮᠡᠭᠳᠡᠭᠦᠯᠬᠦ ᠴᠢᠬᠤᠯᠠ | ᠲᠤᠯᠭᠠᠭᠤᠷᠢᠯᠠᠯ ᠤᠨ ᠲᠦᠷᠦᠯ ᠵᠦᠢᠯ ᠪᠣᠯᠤᠨ᠎ᠠ᠃ ᠬᠤᠲᠠ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠤᠨ ᠪᠠᠶ ᠯᠠᠩ | ᠣᠶ ᠰᠢᠭᠤᠶ ᠶᠢᠨ ᠲᠣᠪᠴᠢᠶ᠎ᠠ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠵᠦ᠂ ︽ᠨᠢᠭᠡ ᠬᠡᠷ ᠤᠨ ᠬᠢᠨ ᠨᠢᠭᠡ | ᠰᠡᠳᠬᠢᠯ ᠢᠶᠠᠷ ᠨᠢᠭᠡ ᠶᠠᠪᠤᠳᠠᠯ ᠢ ᠬᠠᠮᠲᠤ ᠪᠠᠷ ᠬᠢᠪᠡᠯ ᠯᠠᠪᠲᠠᠶ ᠢᠯᠠᠯᠲᠠ ᠤᠯᠬᠤ︾ ᠵᠠᠷᠴᠢᠮ ᠢ ᠢᠮᠠᠭᠲᠠ ᠪᠠᠷᠢᠮᠲᠠᠯᠠᠵᠤ | ᠂ ︽ᠨᠢᠭᠡ ᠬᠤᠲᠠ ᠪᠠᠷ ᠬᠥᠲᠥᠯᠦᠨ ᠳᠠᠭᠠᠭᠤᠯᠵᠤ᠂ ᠲᠠᠪᠤᠨ ᠲᠣᠭᠤᠷᠢᠭ ᠢᠶᠠᠷ ᠲᠤᠯᠭᠠᠭᠤᠷᠢᠯᠠᠭᠤᠯᠬᠤ︾ | ᠬᠥᠭᠵᠢᠯᠲᠡ ᠶᠢᠨ ᠴᠢᠭᠯᠡᠯ ᠳᠤ ᠰᠠᠭᠤᠷᠢᠯᠠᠨ᠂ ︽ᠬᠠᠷᠢᠶ᠎ᠠ ᠣᠷᠣᠨ ᠳᠠᠷᠤᠶ ᠦᠵᠡᠮᠵᠢ ᠶᠢᠨ ᠣᠷᠣᠨ︾ ︽ | ᠦᠵᠡᠮᠵᠢ ᠬᠤᠳᠠ ᠶᠢ ᠠᠭᠤᠰᠤᠯᠴᠠᠭᠤᠯᠬᠤ︾ ᠣᠨᠣᠯᠵᠢᠬᠤᠨ ᠢ ᠪᠠᠷᠢᠮᠲᠠᠯᠠᠵᠤ᠂ ᠠᠵᠢᠯ ᠤᠨ ᠬᠠᠷᠠᠯᠲᠠ ᠪᠠᠨ | ᠲᠣᠳᠣᠷᠬᠠᠶᠢᠯᠠᠨ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠪᠠᠶᠢᠭᠤᠯᠵᠤ᠂ ᠠᠵᠢᠯ ᠤᠨ ᠬᠠᠮᠳᠤᠷᠠᠯ ᠬᠦᠴᠦᠨ ᠢ | ᠪᠦᠷᠢᠯᠳᠦᠭᠦᠯᠵᠦ᠂ ᠡᠯ᠎ᠡ ᠵᠤᠶᠢᠯ ᠤᠨ ᠡᠭᠦᠷᠭᠡ ᠶᠢ ᠬᠠᠮᠲᠤ ᠪᠠᠷ ᠠᠬᠢᠭᠤᠯᠵᠤ᠂ ᠵᠢᠵᠢᠭ ᠪᠠᠯᠭᠠᠰᠤᠨ ᠤ ᠡᠷᠲᠡᠬᠡᠨ | ᠠᠰᠢᠭᠯᠠᠯᠲᠠ ᠳᠤ ᠣᠷᠣᠵᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠰᠤᠳᠤᠨ᠂ ᠳᠡᠭᠡᠳᠦ | ᠲᠡᠰ ᠤᠨ ᠤᠢᠢᠯᠠᠭᠠᠭᠳᠠᠬᠤᠨ ᠢ ᠢᠮᠠᠭᠲᠠ ᠲᠤᠭᠤᠰᠢᠯᠠᠭᠤᠯᠵᠤ᠂ ᠲᠧᠦ ᠪᠦ᠋ ᠵᠢᠭᠤᠯᠴᠢᠯᠠᠯ ᠤᠨ ᠵᠢᠷᠤᠭ ᠲᠥᠯᠥᠪᠯᠡᠭᠡᠨ ᠤ | ᠬᠦᠷᠢᠶᠡᠯᠡᠩ ᠲᠠᠢ ᠬᠠᠮᠲᠤᠷᠠᠯᠴᠠᠭ᠎ᠠ ᠥᠷᠨᠢᠭᠦᠯᠵᠦ᠂ ᠪᠦᠬᠦ ᠣᠷᠣᠨ ᠪᠦᠰᠡ ᠶᠢᠨ ᠵᠢᠭᠤᠯᠴᠢᠯᠠᠯ ᠤᠨ | ᠲᠥᠯᠥᠪᠵᠢᠭᠦᠯᠭᠡ ᠲᠠᠢ ᠨᠢᠭᠲᠠ ᠤᠶᠠᠯᠳᠤᠭᠤᠯᠵᠤ᠂ ᠤᠢ ᠰᠢᠭᠤᠢ ᠶᠢᠨ ᠰᠣᠶᠣᠯ ᠤᠨ ᠠᠭᠤᠯᠤᠭᠳᠠᠬᠤᠨ ᠢ ᠭᠦᠨᠵᠡᠭᠡᠢ | ᠠᠭᠤᠳᠠᠯᠵᠤ᠂ 4A ᠳᠡᠰ ᠤᠨ ᠦᠵᠡᠮᠵᠢ ᠶᠢᠨ ᠣᠷᠣᠨ ᠤ ᠪᠠᠷᠢᠮᠵᠢᠶ᠎ᠠ ᠪᠠᠷ ᠪᠠᠷᠢᠮᠵᠢᠶᠠᠯᠠᠵᠤ᠂ ᠵᠢᠵᠢᠭ ᠪᠠᠯᠭᠠᠰᠤᠨ ᠤ | ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠲᠥᠰᠦᠯ ᠢ ᠰᠢᠯᠢᠳᠡᠭᠵᠢᠭᠦᠯᠦᠨ ᠨᠠᠷᠢᠯᠢᠭ ᠬᠢᠵᠦ᠂ | ᠵᠦᠷᠢᠶᠡᠴᠢᠯᠡᠭᠰᠡᠨ᠂ ᠴᠤᠷ ᠤᠨ ᠭᠠᠭᠴᠠ ᠴᠢᠨᠠᠷᠲᠠᠢ ᠭᠤᠣᠯᠯᠠᠭᠴᠢ ᠲᠤᠯᠭᠠᠭᠤᠷᠢᠯᠠᠯ ᠤᠨ ᠲᠦᠷᠦᠯ ᠵᠦᠢᠯ ᠤᠨ | ᠦᠢᠯᠡᠳᠬᠦᠨ ᠢ ᠪᠦᠬᠦ ᠬᠦᠴᠦᠨ ᠢᠶᠠᠷ ᠢᠶᠠᠨ ᠴᠣᠭᠴᠠᠯᠠᠬᠤ ᠬᠡᠷᠡᠭᠲᠡᠢ᠃ ᠴᠢᠳᠠᠮᠵᠢᠳᠦ ᠴᠢᠨᠠᠷ ᠢ ᠳᠡᠭᠡᠭᠰᠢᠯᠡᠭᠦᠯᠬᠦ᠂ | ᠲᠦᠯᠤᠭᠡᠯᠡᠬᠦ ᠴᠢᠨᠠᠷᠲᠠᠢ ᠬᠠᠷᠠᠭᠠᠰᠤ ᠠᠴᠠ ᠭᠠᠷᠳᠠᠨ ᠬᠢᠵᠦ᠂ ︽ᠢᠳᠡᠵᠤ ᠤᠤᠭᠤᠬᠤ ᠶᠠᠪᠤᠵᠤ ᠰᠠᠭᠤᠬᠤ ᠲᠤᠭᠤᠷᠢᠵᠤ | ᠵᠢᠭᠤᠯᠴᠢᠯᠠᠬᠤ ᠬᠤᠳᠠᠯᠳᠤᠨ ᠠᠪᠬᠤ ᠵᠤᠭ᠎ᠠ ᠴᠡᠩᠭᠡᠯ︾ ᠭᠡᠬᠦ ᠵᠢᠭᠤᠯᠴᠢᠯᠠᠯ ᠤᠨ ᠪᠦᠬᠦ ᠡᠯᠧᠮᠧᠨ᠋ᠲ ᠲᠤ | ᠠᠩᠬᠠᠷᠤᠯ ᠢᠶᠠᠨ ᠲᠥᠪᠯᠡᠷᠡᠭᠦᠯᠵᠦ᠂ ᠭᠡᠷ ᠪᠠᠶᠢᠰᠢᠩ ᠢ ᠥᠭᠡᠷᠡᠴᠢᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ | ᠰᠠᠭᠤᠷᠢ ᠢᠵᠢ ᠪᠦᠷᠢᠳᠦᠭᠰᠡᠨ ᠲᠥᠬᠦᠭᠡᠷᠦᠮᠵᠢ ᠶᠢ ᠳᠠᠰᠤᠷᠠᠯᠳᠠ ᠦᠭᠡᠢ ᠲᠡᠭᠦᠯᠳᠡᠷᠵᠢᠭᠦᠯᠵᠦ᠂ ᠳᠤᠲᠠᠭᠤᠳᠠᠯ ᠢ | ᠨᠥᠬᠦᠪᠥᠷᠢᠯᠡᠵᠦ᠂ ᠬᠦᠴᠦᠷᠬᠡᠭ ᠪᠠᠭᠤᠷᠠᠢ ᠶᠢ ᠨᠥᠬᠦᠪᠥᠷᠢᠯᠡᠨ᠂ ᠡᠷᠲᠡᠬᠡᠨ ᠱᠠᠳᠤᠴᠢ ᠴᠢᠨᠠᠷᠲᠠᠢ ᠦᠷ᠎ᠡ ᠪᠦᠲᠦᠭᠡᠯ | ᠤᠯᠬᠤ ᠶᠢ ᠪᠠᠲᠤᠯᠠᠵᠤ᠂ ᠪᠠᠯᠭᠠᠰᠤ ᠶᠢ ᠦᠨᠡᠨ ᠬᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠯᠢᠬᠡᠷ | ᠵᠢᠱᠢᠶ᠎ᠡ ᠦᠵᠡᠭᠦᠯᠬᠦ ᠢᠨᠵᠧᠨᠧᠷᠢᠩ ᠪᠣᠯᠤᠨ ᠬᠠᠮᠤᠭ ᠤᠨ ᠲᠥᠯᠥᠭᠡᠯᠡᠬᠦ ᠴᠢᠨᠠᠷᠲᠠᠢ ᠰᠣᠶᠣᠯ ᠵᠢᠭᠤᠯᠴᠢᠯᠠᠯ ᠢ | ᠠᠭᠤᠰᠤᠯᠴᠠᠭᠤᠯᠬᠤ ᠬᠡᠯᠪᠡᠷᠢ ᠶᠢᠨ ᠪᠠᠯᠭᠠᠰᠤ ᠪᠣᠯᠭᠠᠨ ᠪᠦᠳᠦᠬᠡᠨ ᠪᠠᠶᠢᠭᠤᠯᠬᠤ ᠬᠡᠷᠡᠭᠲᠡᠢ ᠭᠡᠵᠦ ᠬᠡᠯᠡᠪᠡ᠃ | ᠪᠠᠶ ᠯᠠᠩ ᠣᠶ ᠰᠢᠭᠤᠶ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ | ᠲᠣᠪᠴᠢᠶᠠᠨ ᠳᠠᠷᠤᠭ᠎ᠠ ᠯᠢᠦ ᠬᠤᠶ ᠴᠢᠩ᠂ ᠣᠶ ᠰᠢᠭᠤᠶ ᠶᠢᠨ ᠲᠣᠪᠴᠢᠶ᠎ᠠ ᠶᠢᠨ ᠬᠢᠨ ᠢᠮᠠᠭᠲᠠ ᠬᠤᠲᠠ ᠶᠢᠨ | ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠲᠠᠢ ᠨᠢᠭᠡ ᠰᠡᠳᠬᠢᠯ ᠨᠢᠭᠡ ᠴᠢᠭᠯᠡᠯ ᠢᠶᠠᠷ ᠬᠠᠮᠲᠤ | ᠠᠵᠢᠯᠯᠠᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠤᠯᠠᠮ ᠨᠢᠭᠡ ᠠᠯᠬᠤᠮ ᠴᠢᠩᠭᠠᠳᠬᠠᠨ᠂ ᠬᠠᠷᠢᠴᠠᠭ᠎ᠠ | ᠬᠠᠮᠵᠢᠯᠴᠠᠭ᠎ᠠ ᠪᠠᠨ ᠭᠦᠨᠵᠡᠭᠡᠶᠢᠷᠡᠭᠦᠯᠵᠦ᠂ ᠨᠢᠭᠡᠳᠦᠯᠲᠡᠶ ᠲᠥᠯᠥᠪᠯᠡᠨ ᠲᠣᠬᠢᠷᠠᠭᠤᠯᠬᠤ ᠪᠠ ᠴᠢᠬᠤᠯᠠ ᠡᠯᠧᠮᠧᠨ᠋ᠲ ᠤᠨ | ᠪᠠᠲᠤᠯᠠᠭ᠎ᠠ ᠶᠢ ᠴᠢᠩᠭᠠᠳᠬᠠᠵᠤ᠂ ᠤᠢ ᠰᠢᠭᠤᠢ ᠶᠢᠨ ᠲᠤᠪᠴᠢᠶ᠎ᠠ ᠶᠢᠨ ᠤᠢ ᠰᠢᠭᠤᠢ ᠶᠢᠨ ᠰᠣᠶᠣᠯ ᠤᠨ | ᠤᠯᠠᠮᠵᠢᠯᠠᠯ ᠳᠠᠬᠢ ᠥᠪᠡᠷᠮᠢᠴᠡ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠰᠣᠶᠣᠯ ᠤᠨ ᠠᠭᠤᠯᠤᠭᠳᠠᠬᠤᠨ ᠢ | ᠭᠦᠨᠵᠡᠭᠡᠢ ᠠᠭᠤᠳᠠᠯᠵᠤ᠂ ᠨᠡᠩ ᠥᠨᠳᠥᠷ ᠵᠣᠭᠰᠣᠴᠠ᠂ ᠨᠡᠩ ᠥᠨᠳᠥᠷ ᠪᠠᠷᠢᠮᠵᠢᠶ᠎ᠠ᠂ ᠨᠡᠩ ᠪᠣᠳᠠᠲᠠᠢ ᠠᠷᠭ᠎ᠠ | ᠬᠡᠮᠵᠢᠶ᠎ᠡ ᠪᠠᠷ ᠪᠠᠢ ᠯᠠᠩ ᠤᠢ ᠶᠢᠨ ᠢᠷᠭᠡᠳ ᠤᠨ ᠵᠠᠩ ᠤᠶᠢᠯᠡ ᠶᠢᠨ ᠪᠠᠯᠭᠠᠰᠤ ᠶᠢᠨ ᠲᠦᠷᠦᠯ ᠵᠦᠢᠯ ᠢ ᠲᠣᠭᠲᠠᠭᠰᠠᠨ | ᠬᠤᠭᠤᠴᠠᠭᠠᠨ ᠳᠤ ᠪᠠᠶᠢᠭᠤᠯᠤᠨ ᠪᠦᠲᠦᠭᠡᠬᠦ ᠶᠢ ᠠᠬᠢᠭᠤᠯᠵᠤ᠂ ᠪᠠᠯᠭᠠᠰᠤ ᠶᠢ ᠷᠠᠰᠢᠶᠠᠨ ᠤ ᠣᠨᠴᠠᠯᠢᠭ ᠢ | ᠢᠯᠡᠷᠡᠭᠦᠯᠦᠭᠰᠡᠨ ᠰᠣᠶᠣᠯ ᠵᠢᠭᠤᠯᠴᠢᠯᠠᠯ ᠤᠨ ᠰᠢᠨ᠎ᠡ ᠪᠡᠯᠭᠡ ᠲᠡᠮᠳᠡᠭ ᠪᠣᠯᠭᠠᠵᠤ᠂ ᠪᠦᠬᠦ ᠣᠷᠣᠨ ᠪᠦᠰᠡ ᠶᠢᠨ | ᠵᠢᠭᠤᠯᠴᠢᠯᠠᠯ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠨ᠎ᠡ ᠭᠡᠵᠤ | ᠢᠯᠡᠷᠬᠡᠶᠢᠯᠡᠪᠡ᠃ | ᠷᠠᠰᠢᠶᠠᠨ ᠬᠤᠳᠠ᠂ ᠪᠠᠢ ᠯᠠᠩ ᠤᠢ ᠰᠢᠭᠤᠢ ᠶᠢᠨ ᠲᠤᠪᠴᠢᠶ᠎ᠠ ᠶᠢᠨ ᠭᠤᠣᠯ ᠤᠳᠤᠷᠢᠳᠤᠯᠭ᠎ᠠ᠂ ᠪᠠᠢ ᠯᠠᠩ | ᠪᠠᠯᠭᠠᠰᠤ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠠᠷ ᠪᠠᠶᠢᠴᠠᠭᠠᠨ | ᠰᠤᠳᠤᠯᠤᠯᠲᠠ ᠳᠤ ᠣᠷᠣᠯᠴᠠᠪᠠ᠃ |