ᠷᠠᠰᠢᠶᠠᠨ ᠬᠤᠲᠠ ᠲᠠᠪᠤᠳᠤᠭᠠᠷ ᠬᠤᠭᠤᠴᠠᠭᠠᠨ ᠤ ᠬᠤᠲᠠ ᠶᠢᠨ ᠨᠠᠮ ᠤᠨ ᠬᠤᠷᠢᠶ᠎ᠠ ᠶᠢᠨ ᠨᠠᠢᠮᠠᠳᠤᠭᠠᠷ ᠡᠭᠡᠯᠵᠢ ᠶᠢᠨ ᠲᠤᠭᠤᠷᠢᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/10
      3 ᠰᠠᠷ᠎ᠠ ᠶᠢᠨ 6 ᠤ ᠡᠳᠦᠷ᠂ ᠷᠠᠰᠢᠶᠠᠨ ᠬᠤᠲᠠ ᠲᠠᠪᠤᠳᠤᠭᠠᠷ ᠬᠤᠭᠤᠴᠠᠭᠠᠨ ᠤ ᠬᠤᠲᠠ ᠶᠢᠨ ᠨᠠᠮ ᠤᠨ ᠬᠤᠷᠢᠶ᠎ᠠ ᠶᠢᠨ ᠨᠠᠢᠮᠠᠳᠤᠭᠠᠷ ᠡᠭᠡᠯᠵᠢ ᠶᠢᠨ ᠲᠤᠭᠤᠷᠢᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠢᠵᠦ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯᠯᠠᠬᠤ ᠬᠤᠷᠢᠶ᠎ᠠ ᠶᠢᠨ ᠳᠡᠳ᠋ ᠡᠷᠬᠢᠯᠡᠭᠴᠢ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠶᠠᠩ ᠶᠦᠩ  ᠵᠢᠦ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠶᠠᠨ ᠮᠤᠤ ᠯᠢᠨ ᠬᠤᠷᠠᠯ ᠡᠷᠭᠢᠯᠡᠪᠡ᠃ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠦ ᠴᠢ ᠭᠥᠸᠧ ︽ᠲᠠᠪᠤᠳᠤᠭᠠᠷ ᠬᠤᠭᠤᠴᠠᠭᠠᠨ ᠤ ᠬᠤᠳᠠ ᠶᠢᠨ ᠨᠠᠮ ᠤᠨ ᠬᠤᠷᠢᠶᠠᠨ ᠤ ᠨᠠᠢᠮᠠᠳᠤᠭᠠᠷ ᠡᠭᠡᠯᠵᠢ ᠶᠢᠨ ᠲᠤᠭᠤᠷᠢᠨ ᠪᠠᠶᠢᠴᠠᠭᠠᠬᠤ ᠠᠵᠢᠯ ᠤᠨ ᠡᠷᠬᠡ ᠣᠯᠭᠤᠬᠤ ᠲᠤᠬᠠᠶ ᠲᠣᠭᠲᠠᠭᠠᠯ︾ ᠢ ᠤᠩᠰᠢᠨ ᠨᠡᠶᠢᠲᠡᠯᠡᠪᠡ᠃     ᠬᠤᠷᠠᠯ ᠠᠴᠠ᠂ ᠪᠦᠬᠦ ᠬᠤᠳᠠ ᠶᠢᠨ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠪᠣᠯᠤᠨ ᠲᠣᠭᠤᠷᠢᠨ ᠪᠠᠶᠢᠴᠠᠭᠠᠬᠤ ᠪᠠᠶᠢᠭᠤᠯᠤᠮᠵᠢ ᠶᠢᠨ ᠬᠢᠨ ᠲᠣᠭᠤᠷᠢᠨ ᠪᠠᠶᠢᠴᠠᠭᠠᠬᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠨ ᠴᠢᠨᠠᠭᠰᠢᠳᠠ ᠴᠢᠩᠭᠠᠳᠬᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠠᠲᠤᠯᠠᠬᠤ᠂ ᠥᠭᠡᠷᠡᠴᠢᠯᠡᠯᠲᠡ ᠬᠥᠭᠵᠢᠯᠲᠡ ᠶᠢ ᠠᠬᠢᠭᠤᠯᠬᠤ᠂ ᠤᠯᠤᠰ ᠲᠦᠷᠦ ᠶᠢᠨ ᠠᠮᠢ ᠠᠬᠤᠢ ᠶᠢ ᠴᠡᠪᠡᠷᠰᠢᠭᠦᠯᠬᠦ ᠲᠠᠯ᠎ᠠ ᠪᠠᠷ ᠨᠡᠩ ᠶᠡᠭᠡ ᠬᠦᠴᠦ ᠣᠷᠣᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠭᠰᠠᠨ︾ ᠢ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠬᠡᠷᠡᠭᠲᠡᠢ᠃ ᠪᠠᠶᠢᠳᠠᠯ ᠢ ᠵᠥᠪ ᠣᠨᠣᠪᠴᠢᠲᠠᠢ ᠰᠤᠳᠤᠯᠤᠨ ᠮᠠᠭᠠᠳᠯᠠᠵᠤ᠂ ᠤᠯᠤᠰ ᠲᠦᠷᠦ ᠶᠢᠨ ᠬᠢᠨᠠᠯᠲᠠ ᠶᠢ ᠭᠦᠨᠵᠡᠭᠡᠶᠢᠷᠡᠭᠦᠯᠵᠦ᠂ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠪᠠ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠲᠣᠰᠬᠤᠨ ᠤ ᠲᠣᠭᠤᠷᠢᠨ ᠪᠠᠶᠢᠴᠠᠭᠠᠯᠲᠠ ᠶᠢ ᠴᠢᠩᠭᠠᠳᠬᠠᠵᠤ᠂ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠵᠤ᠂ ᠲᠣᠭᠤᠷᠢᠨ ᠪᠠᠶᠢᠴᠠᠭᠠᠬᠤ ᠠᠵᠢᠯ ᠤᠨ ᠨᠠᠷᠢᠯᠢᠭ ᠣᠨᠣᠪᠴᠢᠲᠤ ᠴᠢᠨᠠᠷ ᠪᠠ ᠦᠷ᠎ᠡ ᠪᠦᠳᠦᠮᠵᠢᠳᠦ ᠴᠢᠨᠠᠷ ᠢ ᠤᠯᠠᠮ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ᠃ ᠠᠰᠠᠭᠤᠳᠠᠯ ᠢ ᠢᠯᠡᠷᠡᠭᠦᠯᠬᠦ ᠶᠢ ᠢᠮᠠᠭᠲᠠ ᠲᠤᠭᠤᠷᠢᠨ ᠪᠠᠶᠢᠴᠠᠭᠠᠬᠤ ᠶᠢᠨ ᠭᠤᠣᠯ ᠡᠭᠦᠷᠭᠡ ᠪᠣᠯᠭᠠᠵᠤ᠂ ᠭᠤᠣᠯᠳᠠᠯᠭ᠎ᠠ ᠶᠢ ᠴᠢᠩᠭ᠎ᠠ ᠠᠩᠬᠠᠷᠴᠤ᠂ ᠦᠨᠡᠨ ᠠᠴᠠ ᠵᠥᠪ ᠢ ᠡᠷᠢᠵᠦ᠂ ᠲᠤᠭᠤᠷᠢᠨ ᠪᠠᠶᠢᠴᠠᠭᠠᠵᠤ ᠢᠯᠡᠷᠡᠭᠦᠯᠦᠭᠰᠡᠨ ᠪᠠ ᠠᠰᠠᠭᠤᠳᠠᠯ ᠢ ᠮᠡᠳᠡᠭᠦᠯᠬᠦ ᠶᠢᠨ ᠬᠠᠨᠳᠤᠯᠭᠠᠲᠤ ᠴᠢᠨᠠᠷ ᠪᠠ ᠨᠡᠪᠲᠡᠯᠬᠦ ᠬᠦᠴᠦᠨ ᠢ ᠦᠨᠡᠨ ᠬᠦ ᠴᠢᠩᠭᠠᠳᠬᠠᠬᠤ ᠬᠡᠷᠡᠭᠲᠡᠶ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠰᠠᠶᠢᠳᠤᠷ ᠵᠣᠬᠢᠴᠠᠭᠤᠯᠬᠤ ᠲᠣᠭᠲᠠᠴᠠ ᠶᠢ ᠴᠢᠩᠭᠠᠳᠬᠠᠵᠤ᠂  ᠲᠤᠭᠤᠷᠢᠨ ᠪᠠᠶᠢᠴᠠᠭᠠᠬᠤ ᠠᠵᠢᠯ ᠢ ᠠᠬᠢᠭᠤᠯᠬᠤ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠴᠢᠨᠠᠭᠰᠢᠳᠠ ᠨᠢᠭᠲᠠᠷᠠᠭᠤᠯᠵᠤ᠂ ᠲᠤᠭᠤᠷᠢᠨ ᠪᠠᠶᠢᠴᠠᠭᠠᠬᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ ᠭᠡᠵᠤ ᠵᠢᠭᠠᠵᠤ ᠭᠠᠷᠭᠠᠪᠠ᠃    ᠬᠤᠷᠠᠯ ᠠᠴᠠ᠂ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ ᠠᠷᠢᠭᠤᠨ ᠴᠢᠬᠡᠴᠢ ᠶᠢᠨ ᠰᠠᠬᠢᠯᠭ᠎ᠠ ᠪᠠᠲᠤ ᠪᠣᠯᠤᠨ ᠨᠢᠭᠤᠴᠠ ᠶᠢ ᠬᠠᠮᠠᠭᠠᠯᠠᠬᠤ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠨᠠᠮ ᠤᠨ ᠲᠦᠷᠢᠮ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠶᠢ ᠬᠢᠴᠢᠶᠡᠩᠭᠦ᠋ᠢᠯᠡᠨ ᠰᠠᠬᠢᠵᠤ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠬᠡᠷᠡᠭᠵᠢᠭᠦᠯᠵᠦ᠂ ᠲᠣᠭᠤᠷᠢᠨ ᠪᠠᠶᠢᠴᠠᠭᠠᠬᠤ ᠪᠠᠷ ᠬᠤᠪᠢ ᠪᠠᠨ ᠪᠣᠷᠳᠣᠬᠤ᠂ ᠲᠣᠭᠤᠷᠢᠨ ᠪᠠᠶᠢᠴᠠᠭᠠᠬᠤ ᠪᠠᠷ ᠠᠰᠢᠭ ᠤᠯᠬᠤ ᠵᠡᠷᠭᠡ ᠠᠵᠢᠯᠯᠠᠭ᠎ᠠ ᠶᠢ ᠡᠷᠡᠰ ᠬᠤᠷᠢᠭᠯᠠᠬᠤ ᠬᠡᠷᠡᠭᠲᠡᠢ᠃ ᠬᠤᠲᠠ ᠶᠢᠨ ᠨᠠᠮ ᠤᠨ ᠬᠤᠷᠢᠶᠠᠨ ᠤ ᠲᠤᠭᠤᠷᠢᠨ ᠪᠠᠶᠢᠴᠠᠭᠠᠬᠤ ᠠᠯᠪᠠᠨ ᠬᠡᠷ ᠵᠥᠪ ᠪᠤᠷᠤᠭᠤ ᠤᠷᠮᠠᠰᠢᠭᠤᠯᠤᠯ ᠤᠨ ᠤᠳᠤᠷᠢᠳᠤᠮᠵᠢ ᠶᠢ ᠦᠷᠭᠦᠯᠵᠢᠯᠡᠨ ᠴᠢᠩᠭᠠᠳᠬᠠᠵᠤ᠂ ᠤᠯᠤᠰ ᠲᠥᠷᠥ ᠶᠢᠨ ᠲᠠᠯ᠎ᠠ ᠪᠠᠷ ᠨᠠᠶᠢᠳᠠᠪᠤᠷᠢᠲᠠᠶ᠂ ᠣᠪᠣᠷ ᠰᠤᠷᠲᠠᠯ ᠤᠨ ᠲᠠᠯ᠎ᠠ ᠪᠠᠷ ᠴᠠᠭᠠᠷᠠᠭᠰᠠᠨ ᠲᠤᠭᠤᠷᠢᠨ ᠪᠠᠶᠢᠴᠠᠭᠠᠬᠤ ︽ᠲᠡᠮᠦᠷ ᠴᠡᠷᠢᠭ︾ ᠢ ᠦᠨᠡᠨ ᠬᠦ ᠪᠣᠶ ᠪᠣᠯᠭᠠᠬᠤ ᠬᠡᠷᠡᠭᠲᠡᠶ ᠭᠡᠵᠤ ᠴᠢᠬᠤᠯᠠᠴᠢᠯᠠᠪᠠ᠃    ᠬᠤᠳᠠ ᠶᠢᠨ ᠤᠳᠤᠷᠢᠳᠤᠯᠭ᠎ᠠ ᠰᠦᠨ ᠪᠠᠢ ᠴᠤᠸᠠᠨ᠂ ᠲᠠᠢ ᠬᠠᠢ ᠹᠧᠩ᠂ ᠯᠢᠦ ᡁᠢ ᠴᠢᠶᠠᠩ᠂ ᡂᠢ ᠸᠧᠨ᠂ ᠯᠢ ᠶᠠᠩ᠂ ᠡᠯ᠎ᠡ ᠲᠤᠭᠤᠷᠢᠨ ᠪᠠᠶᠢᠴᠠᠭᠠᠬᠤ ᠳᠤᠭᠤᠶᠢᠯᠠᠩ ᠪᠣᠯᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠷᠠᠰᠢᠶᠠᠨ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号