ᠡᠷᠬᠢᠮᠳᠣ ᠭᠤᠤᠯᠳᠠᠯᠭ᠎ᠠ ᠲᠠᠢ ᠲᠥᠷᠥᠯ ᠵᠤᠶᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/10
     3 ᠰᠠᠷ᠎ᠠ ᠶᠢᠨ 7 ᠤ ᠡᠳᠦᠷ ᠤᠨ ᠦᠳᠡ ᠶᠢᠨ ᠡᠮᠦᠨ᠎ᠡ᠂ ᠷᠠᠰᠢᠶᠠᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠡᠷᠬᠢᠮᠳᠣ ᠭᠤᠤᠯᠳᠠᠯᠭ᠎ᠠ ᠲᠠᠢ ᠲᠥᠷᠥᠯ ᠵᠤᠶᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠳ᠋ᠦᠩ ᠭᠸᠤ ᠯᠢ ᠶᠢᠨ ᠲᠡᠤᠬᠡ ᠰᠣᠶᠣᠯ ᠤᠨ ᠵᠡᠭᠡᠯᠢ ᠲᠣᠭᠤᠷᠢᠭ᠂ ᠳ᠋ᠦᠩ ᠱᠠᠨ ᠴᠡᠨᠡᠯᠡᠯᠳᠠ ᠶᠢᠨ ᠲᠠᠯᠠᠪᠠᠶ ᠶᠢ ᠥᠭᠡᠷᠡᠴᠢᠯᠡᠬᠦ ᠵᠡᠷᠭᠡ ᠬᠠᠮᠢᠶ᠎ᠠ ᠪᠥᠬᠦᠶ ᠠᠵᠢᠯ ᠢ ᠰᠤᠳᠤᠯᠤᠨ ᠪᠠᠶᠢᠷᠢᠯᠠᠭᠤᠯᠪᠠ᠃ ᠬᠤᠲᠠ ᠶᠢᠨ ᠤᠳᠤᠷᠢᠳᠤᠯᠭ᠎ᠠ ᠸᠠᠩ ᠬᠠᠶ ᠵᠢᠶᠦ᠋ᠨ ᠵᠢᠴᠢ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠠᠶᠢᠮᠠᠭ ᠤᠨ ᠰᠣᠶᠣᠯ ᠪᠡᠶ᠎ᠡ ᠶᠢᠨ ᠲᠠᠮᠢᠷ ᠤᠨ ᠺᠣᠮᠫᠠᠨᠢ ᠵᠡᠷᠭᠡ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃    ᠬᠤᠷᠠᠯ ᠠᠴᠠ᠂ ︽ᠨᠢᠭᠡ ᠬᠥᠯᠭᠡ ᠰᠢᠳᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠵᠢᠯ ᠤᠨ ᠡᠭᠦᠷᠭᠡᠲᠦ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠶᠢ ᠦᠨᠡᠨ ᠬᠦ ᠴᠢᠩᠭᠠᠳᠬᠠᠵᠤ᠂ ᠳᠠᠷᠦ᠋ᠢᠬᠠᠨ ᠭᠦᠢᠴᠡᠳᠬᠡᠵᠦ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠲᠦᠷᠦ ᠶᠢᠨ ᠪᠤᠳᠤᠯᠭ᠎ᠠ ᠶᠢᠨ ᠳᠡᠮᠵᠢᠯᠭᠡ ᠶᠢ ᠴᠢᠨᠠᠭᠰᠢᠳᠠ ᠴᠢᠩᠭᠠᠳᠬᠠᠵᠤ᠂ ᠲᠤᠬᠠᠶᠢᠯᠠᠭᠰᠠᠨ ᠠᠵᠢᠯ ᠤᠨ ᠵᠢᠯᠤᠭᠤᠳᠤᠯᠭ᠎ᠠ ᠶᠢ ᠰᠠᠶᠢᠲᠤᠷ ᠠᠳᠬᠤᠵᠤ᠂ ᠡᠯᠧᠮᠧᠨ᠋ᠲ ᠤᠨ ᠪᠠᠲᠤᠯᠠᠭ᠎ᠠ ᠶᠢ ᠪᠣᠳᠠᠲᠠᠶᠢᠵᠢᠭᠤᠯᠵᠤ᠂ ᠲᠤᠰ ᠲᠤᠰ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ᠂ ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠬᠤ ᠠᠵᠢᠯ ᠤᠨ ᠪᠠᠶᠢᠷᠢᠰᠢᠯ ᠢ ᠪᠦᠷᠢᠯᠳᠦᠭᠦᠯᠬᠦ ᠬᠡᠷᠡᠭᠲᠡᠢ᠃ ᠵᠦᠷᠢᠶᠡᠴᠢᠯᠡᠭᠰᠡᠨ᠂ ᠳᠡᠭᠡᠳᠦ ᠲᠡᠰᠵᠢᠯᠡᠭᠰᠡᠨ᠂ ᠣᠨᠴᠠᠯᠢᠬᠵᠢᠭᠰᠠᠨ ᠪᠠᠶᠢᠷᠢ ᠲᠣᠭᠲᠠᠭᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ︽ᠦᠵᠡᠮᠵᠢ ᠬᠤᠳᠠ ᠶᠢ ᠠᠭᠤᠰᠤᠯᠴᠠᠭᠤᠯᠬᠤ︾ ᠤᠢᠢᠯᠠᠭᠠᠭᠳᠠᠬᠤᠨ ᠢ ᠪᠠᠷᠢᠮᠲᠠᠯᠠᠵᠤ᠂ ᠲᠦᠷᠦᠯ ᠵᠦᠢᠯ ᠤᠨ ᠲᠥᠰᠦᠯ ᠢ ᠨᠠᠷᠢᠨ ᠨᠢᠮᠪᠠᠢ ᠲᠥᠰᠦᠪᠯᠡᠵᠦ᠂ ᠳ᠋ᠦᠩ ᠭᠸᠤ ᠯᠢ ᠶᠢᠨ ᠲᠡᠦᠬᠡ ᠰᠣᠶᠣᠯ ᠤᠨ ᠵᠡᠭᠡᠯᠢ ᠲᠣᠭᠤᠷᠢᠭ᠂ ᠳ᠋ᠦᠩ ᠱᠠᠨ ᠴᠠᠨᠡᠯᠡᠯᠳᠠ ᠶᠢᠨ ᠲᠠᠯᠠᠪᠠᠢ ᠶᠢ ᠥᠭᠡᠷᠡᠴᠢᠯᠡᠬᠦ ᠵᠡᠷᠭᠡ ᠲᠦᠷᠦᠯ ᠵᠦᠢᠯ ᠢ ᠤᠯᠤᠰ ᠤᠨ ᠳᠣᠲᠣᠭᠠᠳᠤ ᠶᠢᠨ ᠰᠣᠳᠣᠨ ᠦᠵᠡᠮᠵᠢ ᠶᠢᠨ ᠣᠷᠣᠨ᠂ ᠰᠣᠶᠣᠯ  ᠵᠢᠭᠤᠯᠴᠢᠯᠠᠯ ᠤᠨ ᠬᠡᠪ ᠳᠠᠭᠤᠷᠢᠶᠠᠯ ᠤᠨ ᠲᠦᠷᠦᠯ ᠵᠦᠢᠯ ᠪᠣᠯᠭᠠᠵᠤ᠂ ᠷᠠᠰᠢᠶᠠᠨ ᠤ ᠰᠣᠶᠣᠯ ᠵᠢᠭᠤᠯᠴᠢᠯᠠᠯ ᠤᠨ ᠰᠢᠨ᠎ᠡ ᠭᠠᠵᠠᠷ ᠤᠷᠤᠨ  ᠤ ᠢᠯᠡᠷᠭᠡᠶᠢᠯᠡᠯᠳᠣ ᠪᠣᠯᠭᠠᠬᠤ ᠬᠡᠷᠡᠭᠲᠡᠢ᠃ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠨᠠᠷᠢᠨ ᠲᠠᠩᠰᠠ ᠭᠠᠷᠭᠠᠵᠤ᠂ ᠠᠵᠢᠯ ᠤᠨ ᠬᠤᠭᠤᠴᠠᠭ᠎ᠠ ᠶᠢ ᠲᠣᠩᠭᠤᠷᠤᠭᠤᠯᠤᠨ ᠵᠢᠭᠰᠠᠭᠠᠵᠤ᠂ ᠪᠥᠬᠦ ᠬᠦᠴᠦᠨ ᠢᠶᠠᠷ ᠢᠶᠠᠨ ᠪᠣᠭᠤᠮᠲᠠ ᠰᠢᠪᠲᠤᠯᠵᠤ᠂ ᠲᠥᠷᠥᠯ  ᠵᠤᠶᠢᠯ ᠢ ᠠᠬᠢᠭᠤᠯᠬᠤ ᠶᠠᠪᠤᠴᠠ ᠳᠤ ᠲᠤᠯᠭᠠᠷᠠᠭᠰᠠᠨ ᠠᠰᠠᠭᠤᠳᠠᠯ ᠪᠠ ᠬᠦᠴᠢᠷᠳᠡᠯ ᠢ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠵᠣᠬᠢᠴᠠᠭᠤᠯᠤᠨ ᠰᠢᠢᠳᠪᠤᠷᠢᠯᠡᠵᠤ᠂ ᠨᠠᠩ ᠶᠡᠭᠡ ᠡᠷᠴᠢᠮ᠂ ᠨᠠᠩ ᠥᠨᠳᠥᠷ ᠦᠷ᠎ᠡ ᠪᠦᠲᠦᠮᠵᠢ ᠲᠠᠢ ᠪᠠᠷ ᠲᠥᠷᠥᠯ ᠵᠤᠶᠢᠯ ᠢ ᠡᠷᠲᠡᠬᠡᠨ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃
 
ᠢᠷᠡᠯᠲᠡ᠄ ᠷᠠᠰᠢᠶᠠᠨ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号