| 2025 ᠣᠨ ᠤ ᠪᠥᠬᠦ ᠤᠯᠤᠰ ᠤᠨ ︽ᠬᠤᠶᠠᠷ ᠬᠤᠷᠠᠯ︾ ᠤᠨ ᠬᠤᠭᠤᠴᠠᠭᠠᠨ ᠳᠠᠬᠢ ᠠᠮᠤᠷ ᠲᠦᠪᠰᠢᠨ | ᠲᠣᠭᠲᠠᠭᠤᠨ ᠤ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ᠂ | ᠵᠥᠷᠢᠴᠡᠯ ᠢ ᠠᠷᠢᠯᠭᠠᠵᠤ᠂ ᠰᠠᠭᠤᠭᠠᠯᠢ ᠠᠷᠠᠳ ᠤᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ 3 ᠰᠠᠷ᠎ᠠ ᠶᠢᠨ | 7 ᠤ ᠡᠳᠦᠷ᠂ ᠷᠠᠰᠢᠶᠠᠨ ᠬᠤᠳᠠ ᠶᠢᠨ ᠪᠠᠢ ᠯᠠᠩ ᠪᠠᠯᠭᠠᠰᠤᠨ ᠤ ᠪᠠᠢ ᠬᠤᠸᠠ ᠯᠢᠨ ᠨᠡᠶᠢᠭᠡᠮ ᠲᠣᠭᠤᠷᠢᠭ᠂ ᠪᠠᠢ | ᠯᠠᠩ ᠪᠠᠯᠭᠠᠰᠤᠨ ᠤ ᠠᠮᠤᠷ ᠠᠮᠤᠭᠤᠯᠠᠩ ᠤᠨ ᠪᠠᠶᠢᠭᠤᠯᠤᠯᠲᠠ ᠶᠢᠨ ᠠᠯᠪᠠᠨ ᠭᠡᠷ᠂ ᠪᠠᠢ ᠯᠠᠩ ᠬᠢᠯᠢ ᠶᠢᠨ | ᠬᠠᠮᠠᠭᠠᠯᠠᠯᠲᠠ ᠶᠢᠨ ᠲᠣᠮᠢᠯᠠᠭᠰᠠᠨ ᠰᠠᠯᠪᠤᠷᠢ ᠬᠠᠮᠲᠤᠷᠠᠨ ︽ᠠᠶᠤᠯ ᠲᠦᠭᠰᠢᠭᠦᠷᠢ ᠶᠢ ᠰᠡᠷᠭᠡᠶᠢᠯᠡᠨ ᠵᠥᠷᠢᠴᠡᠯ ᠢ | ᠠᠷᠢᠯᠭᠠᠵᠤ ᠠᠮᠤᠷ ᠲᠦᠪᠰᠢᠨ ᠢ ᠪᠠᠲᠤᠯᠠᠬᠤ︾ ᠠᠵᠢᠯ ᠤᠨ ᠬᠤᠷᠠᠯ ᠬᠤᠷᠠᠯᠳᠤᠭᠤᠯᠪᠠ᠃ | ᠲᠣᠰ ᠤᠳᠠᠭᠠᠨ ᠤ ᠬᠤᠷᠠᠯ ᠢ ᠬᠤᠷᠠᠯᠳᠤᠭᠤᠯᠤᠭᠰᠠᠨ ᠨᠢ ︽ᠬᠤᠶᠠᠷ ᠬᠤᠷᠠᠯ︾ ᠤᠨ ᠬᠤᠭᠤᠴᠠᠭᠠᠨ ᠳᠠᠬᠢ | ᠬᠠᠷᠢᠶ᠎ᠠ ᠣᠷᠣᠨ ᠤ ᠠᠮᠤᠷ ᠲᠦᠪᠰᠢᠨ ᠲᠣᠭᠲᠠᠭᠤᠨ ᠳᠤ ᠬᠦᠴᠦᠲᠡᠶ ᠪᠠᠲᠤᠯᠠᠭ᠎ᠠ ᠬᠠᠩᠭᠠᠭᠰᠠᠨ ᠪᠠᠶᠢᠨ᠎ᠠ᠃ | ᠳᠠᠷᠠᠭᠠᠴᠢ ᠶᠢᠨ ᠠᠯᠬᠤᠮ ᠳᠤ᠂ ᠡᠯ᠎ᠡ ᠲᠠᠯ᠎ᠠ ᠶᠢᠨ ᠬᠢᠨ ᠦᠷᠭᠦᠯᠵᠢᠯᠡᠨ ᠨᠢᠭᠲᠠ ᠬᠠᠷᠢᠯᠴᠠᠵᠤ᠂ ᠠᠷᠠᠳ ᠲᠤ ᠲᠦᠬᠦᠮ | ᠦᠵᠡᠭᠦᠯᠬᠦ ᠦᠢᠯᠡᠴᠢᠯᠡᠭᠡᠨ ᠤ ︽ᠡᠴᠦᠰ ᠤᠨ ᠨᠢᠭᠡ ᠺᠢᠯᠣᠮᠧᠲᠷ︾ ᠢ ᠦᠨᠡᠨ ᠬᠦ ᠨᠡᠪᠲᠡᠷᠡᠭᠦᠯᠵᠦ᠂ ᠬᠠᠷᠢᠶ᠎ᠠ | ᠣᠷᠣᠨ ᠤ ᠰᠠᠭᠤᠭᠠᠯᠢ ᠠᠷᠠᠳ ᠤᠨ ᠠᠮᠤᠷ ᠲᠦᠪᠰᠢᠨ ᠤ ᠲᠦᠷᠦᠭᠳᠡᠯ ᠪᠣᠯᠤᠨ ᠬᠠᠨᠤᠮᠵᠢ ᠶᠢᠨ ᠬᠡᠮᠵᠢᠶ᠎ᠡ ᠶᠢ | ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠮᠤᠷ ᠲᠦᠪᠰᠢᠨ᠂ ᠡᠶ᠎ᠡ ᠵᠣᠬᠢᠴᠠᠩᠭᠤᠢ᠂ ᠲᠣᠭᠲᠠᠭᠤᠨ ᠨᠡᠶᠢᠭᠡᠮ | ᠲᠣᠭᠤᠷᠢᠭ ᠤᠨ ᠣᠷᠴᠢᠨ ᠲᠣᠭᠤᠷᠢᠨ ᠢ ᠪᠤᠢ ᠪᠣᠯᠭᠠᠨ᠎ᠠ᠃ |