| 3 ᠰᠠᠷ᠎ᠠ ᠶᠢᠨ 8 ᠤ ᠡᠳᠦᠷ ᠠᠴᠠ 9 ᠤ ᠡᠳᠦᠷ ᠪᠣᠯᠲᠠᠯ᠎ᠠ᠂ ᠬᠢᠩᠭᠠᠨ ᠠᠶᠢᠮᠠᠭ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠳᠡᠳ᠋ ᠡᠷᠬᠢᠯᠡᠭᠴᠢ᠂ ᠷᠠᠰᠢᠶᠠᠨ ᠬᠤᠲᠠ ᠶᠢᠨ | ᠨᠠᠮ ᠤᠨ ᠬᠤᠷᠢᠶᠠᠨ ᠤ ᠱᠦᠵᠢ ᠶᠠᠩ ᠶᠦᠩ ᠵᠢᠦ ᠪᠦᠯᠬᠦᠮ ᠳᠠᠭᠠᠭᠤᠯᠤᠨ ᠲᠠᠢ ᠸᠧᠶ ᠴᠡᠨᠡᠯᠡᠯᠳᠠ ᠶᠢᠨ ᠲᠠᠯᠠᠪᠠᠢ ᠳᠤ | ᠬᠦᠷᠴᠦ ᠲᠤᠬᠠᠶ ᠶᠢᠨ ᠭᠠᠵᠠᠷ ᠲᠤᠨᠢ ᠪᠠᠶᠢᠴᠠᠭᠠᠭᠰᠠᠨ ᠪᠥᠭᠡᠳ ᠴᠡᠨᠡᠯᠡᠯᠳᠠ ᠶᠢᠨ ᠲᠠᠯᠠᠪᠠᠶ ᠶᠢ ᠥᠭᠡᠷᠡᠴᠢᠯᠡᠵᠦ | ᠥᠷᠭᠡᠳᠬᠡᠨ ᠪᠠᠶᠢᠭᠤᠯᠬᠤ ᠲᠥᠷᠥᠯ ᠵᠦᠢᠯ ᠤᠨ ᠲᠤᠰᠬᠠᠶ ᠰᠡᠳᠦᠪᠲᠦ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ | ᠬᠤᠷᠠᠯᠳᠤᠭᠤᠯᠪᠠ᠃ ᠬᠤᠷᠠᠯ ᠳᠤ ᠠᠵᠤ ᠠᠬᠤᠶᠢᠯᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ | ᠠᠯᠬᠤᠮ ᠤᠨ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃ | ᠶᠠᠩ ᠶᠦᠩ ᠵᠢᠦ᠂ ᠪᠥᠬᠦ ᠬᠤᠲᠠ ᠪᠠᠷ ᠢᠶᠠᠨ ︽ᠮᠥᠰᠥ ᠴᠠᠰᠤ ᠴᠤ ᠠᠯᠲᠠ ᠮᠥᠩᠭᠦᠨ ᠠᠭᠤᠯᠠ ᠮᠥᠨ︾ | ᠭᠡᠬᠦ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠴᠡᠨᠡᠯᠡᠯᠳᠠ ᠶᠢᠨ ᠲᠠᠯᠠᠪᠠᠶ ᠶᠢ ᠥᠭᠡᠷᠡᠴᠢᠯᠡᠵᠦ ᠥᠷᠭᠡᠳᠬᠡᠨ | ᠪᠠᠶᠢᠭᠤᠯᠬᠤ ᠲᠥᠷᠥᠯ ᠵᠦᠢᠯ ᠢ ᠷᠠᠰᠢᠶᠠᠨ ᠤ ᠮᠥᠰᠥ ᠴᠠᠰᠤᠨ ᠤ ᠠᠵᠤ ᠠᠬᠤᠶ ᠶᠢᠨ ᠪᠥᠬᠦ ᠠᠵᠤ ᠦᠢᠯᠡᠰ ᠤᠨ | ᠬᠡᠯᠬᠢᠶ᠎ᠡ ᠶᠢᠨ ᠬᠥᠭᠵᠢᠯᠲᠡ ᠶᠢ ᠠᠬᠢᠭᠤᠯᠬᠤ ᠴᠢᠬᠤᠯᠠ ᠭᠠᠷᠳᠠᠴᠠ ᠪᠣᠯᠭᠠᠵᠤ᠂ ᠥᠨᠳᠥᠷ ᠪᠠᠷᠢᠮᠵᠢᠶ᠎ᠠ ᠪᠠᠷ | ᠲᠥᠯᠥᠪᠵᠢᠭᠦᠯᠵᠦ᠂ ᠴᠢᠨᠠᠷ ᠰᠠᠶᠢᠲᠠᠶ ᠪᠥᠲᠥᠭᠡᠨ ᠪᠠᠶᠢᠭᠤᠯᠵᠤ᠂ ᠥᠨᠳᠥᠷ ᠬᠤᠷᠳᠤᠴᠠ ᠪᠠᠷ ᠠᠬᠢᠭᠤᠯᠵᠤ᠂ ᠲᠥᠷᠥᠯ | ᠵᠦᠢᠯ ᠤᠨ ᠲᠤᠬᠠᠶ ᠶᠢᠨ ᠵᠢᠯ ᠤᠨ ᠪᠥᠲᠥᠭᠡᠨ ᠪᠠᠶᠢᠭᠤᠯᠤᠯᠲᠠ᠂ ᠲᠤᠬᠠᠶ ᠶᠢᠨ ᠵᠢᠯ ᠤᠨ ᠡᠵᠡᠩᠨᠡᠯᠲᠡ ᠶᠢ ᠦᠨᠡᠨ ᠬᠦ | ᠪᠠᠲᠤᠯᠠᠵᠤ᠂ ᠪᠥᠬᠦ ᠬᠤᠲᠠ ᠶᠢᠨ ᠵᠢᠭᠤᠯᠴᠢᠯᠠᠯ ᠤᠨ ᠴᠢᠨᠠᠷ ᠰᠠᠶᠢᠲᠠᠶ ᠬᠥᠭᠵᠢᠯᠲᠡ ᠳᠤ ᠡᠨᠧᠷᠭᠢ ᠣᠯᠭᠤᠬᠤ ᠪᠠᠶᠢᠳᠠᠯ ᠢ | ᠨᠡᠮᠡᠭᠳᠡᠭᠦᠯᠬᠦ ᠬᠡᠷᠡᠭᠲᠡᠶ᠃ ︽ᠶᠡᠷᠦᠩᠬᠡᠶ ᠲᠦᠯᠦᠪᠯᠡᠵᠤ᠂ ᠬᠤᠭᠤᠴᠠᠭ᠎ᠠ ᠬᠤᠪᠢᠶᠠᠨ ᠲᠥᠯᠥᠪᠵᠢᠭᠦᠯᠬᠦ︾ ᠠᠵᠢᠯ ᠤᠨ | ᠰᠡᠳᠬᠢᠴᠡ ᠶᠣᠰᠣᠭᠠᠷ᠂ ᠵᠢᠷᠤᠭ ᠲᠥᠯᠥᠪᠯᠡᠭᠡ ᠶᠢᠨ ᠲᠥᠰᠦᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ | ᠳᠡᠭᠦᠵᠢᠩ ᠵᠠᠮ᠂ ᠭᠤᠯᠭᠤᠭᠤᠷ ᠵᠠᠮ ᠵᠡᠷᠭᠡ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠥᠷᠢᠯᠡᠵᠦ᠂ | ᠵᠢᠭᠤᠯᠴᠢᠯᠠᠯ ᠤᠨ ᠦᠢᠯᠡᠰ ᠤᠨ ᠪᠠᠶᠢᠳᠠᠯ ᠢ ᠪᠠᠶᠠᠯᠢᠭᠵᠢᠭᠤᠯᠤᠨ᠂ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ | ︽ᠢᠳᠡᠵᠦ ᠤᠤᠭᠤᠬᠤ ᠶᠠᠪᠤᠵᠤ ᠰᠠᠭᠤᠬᠤ ᠲᠣᠭᠤᠷᠢᠵᠤ ᠵᠤᠭᠠᠴᠠᠬᠤ ᠬᠤᠳᠠᠯᠳᠤᠨ ᠠᠪᠬᠤ ᠵᠤᠭ᠎ᠠ ᠴᠡᠩᠭᠡᠯ︾ ᠤᠨ | ᠪᠦᠬᠦ ᠬᠡᠯᠬᠢᠶ᠎ᠡ᠂ ᠡᠯ᠎ᠡ ᠭᠤᠭᠴᠤᠭ᠎ᠠ ᠢ ᠰᠠᠶᠢᠳᠤᠷ ᠠᠩᠬᠠᠷᠴᠤ᠂ ᠴᠡᠨᠡᠯᠡᠯᠳᠠ ᠶᠢᠨ ᠲᠠᠯᠠᠪᠠᠢ ᠶᠢᠨ ᠶᠠᠰᠤ ᠴᠢᠨᠠᠷ ᠢ | ᠪᠦᠬᠦ ᠲᠠᠯ᠎ᠠ ᠪᠠᠷ ᠳᠡᠭᠡᠭᠰᠢᠯᠡᠭᠦᠯᠵᠦ᠂ ᠵᠢᠭᠤᠯᠴᠢᠯᠠᠭᠴᠢᠳ ᠤᠨ ᠪᠡᠶᠡᠴᠢᠯᠡᠨ ᠣᠶᠢᠯᠠᠭᠠᠬᠤ ᠲᠦᠷᠦᠭᠳᠡᠯ ᠪᠣᠯᠤᠨ | ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ | ᠰᠠᠨᠠᠭᠠᠴᠢᠯᠠᠭ᠎ᠠ ᠠᠴᠠ ᠪᠠᠨ ᠠᠵᠢᠯ ᠢᠶᠠᠨ ᠵᠣᠯᠭᠠᠭᠤᠯᠵᠤ᠂ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢ | ᠨᠢᠭᠲᠠ ᠠᠩᠬᠠᠷᠴᠤ᠂ ᠡᠯᠧᠮᠧᠨ᠋ᠲ ᠤᠨ ᠪᠠᠲᠤᠯᠠᠭ᠎ᠠ ᠶᠢ ᠲᠠᠰᠤᠷᠠᠯᠲᠠ ᠦᠭᠡᠢ ᠴᠢᠩᠭᠠᠳᠬᠠᠨ᠂ ᠲᠦᠷᠦᠯ ᠵᠦᠢᠯ | ᠲᠣᠭᠲᠠᠭᠠᠬᠤ ᠵᠡᠷᠭᠡ ᠡᠮᠦᠨᠡᠬᠢ ᠬᠤᠭᠤᠴᠠᠭᠠᠨ ᠤ ᠠᠵᠢᠯ ᠢ ᠲᠦᠷᠭᠡᠨ ᠪᠡᠶᠡᠯᠡᠭᠦᠯᠵᠦ᠂ ᠬᠦᠴᠢᠷ ᠲᠦᠪᠡᠭᠲᠡᠢ | ᠠᠰᠠᠭᠤᠳᠠᠯ ᠢ ᠴᠠᠭ ᠲᠤᠬᠠᠢ ᠳᠤᠨᠢ ᠵᠣᠬᠢᠴᠠᠭᠤᠯᠤᠨ ᠰᠢᠢᠳᠪᠦᠷᠢᠯᠡᠨ᠂ ᠲᠦᠷᠦᠯ ᠵᠦᠢᠯ ᠤᠨ ᠪᠦᠳᠦᠭᠡᠨ | ᠪᠠᠶᠢᠭᠤᠯᠤᠯᠲᠠ ᠶᠢ ᠤᠷᠤᠭᠰᠢᠲᠠᠢ ᠡᠮᠬᠢ ᠵᠢᠷᠤᠮ ᠲᠠᠢ ᠠᠬᠢᠭᠤᠯᠵᠤ᠂ ᠡᠪᠦᠯ ᠤᠨ ᠤᠯᠠᠷᠢᠯ ᠤᠨ ᠵᠢᠭᠤᠯᠴᠢᠯᠠᠯ ᠤᠨ | ᠲᠠᠲᠠᠬᠤ ᠬᠦᠴᠦᠨ ᠪᠠ ᠨᠥᠯᠥᠭᠡᠯᠡᠬᠦ ᠬᠦᠴᠦᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠤ | ᠭᠠᠷᠭᠠᠪᠠ᠃ | ᠠᠶᠢᠮᠠᠭ ᠤᠨ ᠰᠤᠶᠤᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠤᠪᠴᠢᠶᠠᠨ ᠤ ᠨᠠᠮ ᠤᠨ ᠤᠳᠤᠷᠢᠳᠬᠤ | ᠲᠤᠭᠤᠶᠢᠯᠠᠩ ᠤᠨ ᠱᠦᠵᠢ᠂ ᠲᠤᠪᠴᠢᠶᠠᠨ ᠳᠠᠷᠤᠭ᠎ᠠ ᠸᠠᠩ ᠲᠢᠶᠠᠨ ᠹᠧᠩ᠂ ᠬᠤᠳᠠ ᠶᠢᠨ ᠤᠳᠤᠷᠢᠳᠤᠯᠭ᠎ᠠ ᠡᠷᠬᠢᠮᠳᠤ᠂ | ᠲᠠᠢ ᠬᠠᠢ ᠹᠧᠩ᠂ ᠪᠠᠢ ᠹᠧᠩ᠂ ᠸᠠᠩ ᠬᠠᠢ ᠵᠢᠶᠦ᠋ᠨ ᠵᠢᠴᠢ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠭᠤᠤᠯ | ᠬᠠᠷᠢᠭᠤᠴᠠᠯᠭᠠᠳᠠᠨ ᠨᠦᠬᠦᠳ᠂ ᠵᠦᠩ ᠰᠢᠤᠸᠠᠢ ᠵᠦᠩ ᠶᠤᠸᠠᠨ ᠱᠠᠨ ᠳ᠋ᠢ ᠵᠢᠭᠤᠯᠴᠢᠯᠠᠯ ᠤᠨ ᠲᠦᠯᠦᠪᠵᠢᠬᠦᠯᠭᠡ | ᠵᠢᠷᠤᠭ ᠲᠦᠯᠦᠪᠯᠡᠭᠡ ᠶᠢᠨ ᠬᠢᠵᠠᠭᠠᠷᠳᠤ ᠺᠤᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠸᠧᠢ ᠴᠢᠩ ᠬᠤᠸᠠ ᠵᠡᠷᠭᠡ | ᠠᠵᠤ ᠠᠬᠤᠶᠢᠯᠠᠯ ᠤᠨ ᠭᠤᠤᠯ ᠬᠠᠷᠢᠭᠤᠴᠠᠯᠭᠠᠳᠠᠨ ᠨᠠᠷ ᠬᠤᠷᠠᠯ ᠳᠤ ᠤᠷᠤᠯᠴᠠᠪᠠ᠃ |