ᠦ᠋ ᠴᠠ ᠭᠸᠦ ᠪᠠᠯᠭᠠᠰᠤ ᠪᠡᠯᠴᠢᠭᠡᠷᠯᠡᠭᠦᠯᠬᠦ ᠶᠢ ᠵᠤᠭᠰᠤᠭᠠᠬᠤ ᠶᠢ ᠲᠣᠭᠤᠷᠢᠨ ᠪᠠᠶᠢᠴᠠᠭᠠᠬᠤ ᠵᠢᠴᠢ ᠭᠠᠯ ᠢ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠠ
ᠨᠡᠶᠢᠲᠡᠯᠡᠭᠰᠡᠨ ᠴᠠᠭ᠄
2025/3/12
     ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠲᠠᠷᠦᠢ ᠠᠯᠲᠠ ᠮᠥᠩᠭᠦᠨ ᠠᠭᠤᠯᠠ ᠮᠥᠨ︾ ᠭᠡᠬᠦ ᠠᠮᠢ ᠠᠬᠤᠶ ᠶᠢᠨ ᠬᠥᠭᠵᠢᠯᠲᠡ ᠶᠢᠨ ᠣᠨᠣᠯᠵᠢᠬᠤᠨ ᠢ ᠭᠦᠨᠵᠡᠭᠡᠶ ᠦᠢᠯᠡᠳᠦᠯᠭᠡᠵᠢᠭᠦᠯᠵᠦ᠂ ᠣᠶ ᠰᠢᠭᠤᠶ ᠨᠤᠲᠤᠭ ᠪᠡᠯᠴᠢᠭᠡᠷ ᠪᠠ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠬᠠᠮᠠᠭᠠᠯᠠᠬᠤ ᠶᠢᠨ ᠲᠥᠯᠥᠭᠡ᠂ 3 ᠰᠠᠷ᠎ᠠ ᠶᠢᠨ 10 ᠤ ᠡᠳᠦᠷ᠂ ᠷᠠᠰᠢᠶᠠᠨ ᠬᠤᠳᠠ  ᠶᠢᠨ ᠡᠤ ᠴᠠ ᠭᠸᠦ ᠪᠠᠯᠭᠠᠰᠤ ᠪᠡᠯᠴᠢᠭᠡᠷᠯᠡᠭᠦᠯᠬᠦ ᠶᠢ ᠵᠤᠭᠰᠤᠭᠠᠬᠤ ᠶᠢ ᠲᠣᠭᠤᠷᠢᠨ ᠪᠠᠶᠢᠴᠠᠭᠠᠬᠤ ᠵᠢᠴᠢ ᠭᠠᠯ ᠢ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠠ᠃     ᠲᠤᠰ ᠠᠵᠢᠯᠯᠠᠭ᠎ᠠ ᠳᠤ᠂ ᠠᠵᠢᠯᠲᠠᠳ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠲᠤᠬᠠᠶ ᠶᠢᠨ ᠲᠠᠯᠠᠪᠤᠷ ᠲᠤ ᠲᠠᠶᠢᠯᠤᠮᠵᠢ ᠬᠢᠬᠦ ᠵᠡᠷᠭᠡ ᠬᠡᠯᠪᠡᠷᠢ ᠪᠠᠷ ᠬᠠᠷᠢᠶ᠎ᠠ ᠤᠷᠤᠨ ᠤ ᠰᠠᠭᠤᠭᠠᠯᠢ ᠠᠷᠠᠳ ᠲᠤ ᠬᠠᠪᠤᠷ ᠤᠨ ᠭᠠᠯ ᠤᠨ ᠭᠠᠮᠰᠢᠭ ᠤᠨ ᠣᠨᠴᠠᠯᠢᠭ᠂ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ ᠵᠢᠴᠢ ᠭᠠᠯ ᠤᠨ ᠠᠶᠤᠯ ᠭᠠᠷᠤᠭᠰᠠᠨ ᠤ ᠳᠠᠷᠠᠭᠠᠬᠢ ᠠᠷᠭᠠᠴᠠᠭᠠᠬᠤ ᠠᠷᠭ᠎ᠠ ᠶᠢ ᠨᠠᠷᠢᠨ ᠲᠠᠨᠢᠯᠴᠠᠭᠤᠯᠬᠤ ᠶᠢᠨ ᠬᠠᠮᠳᠣ ᠭᠠᠯ ᠴᠠᠬᠢᠯᠭᠠᠨ ᠬᠡᠷᠡᠭᠯᠡᠬᠦ ᠠᠮᠤᠷ ᠲᠦᠪᠰᠢᠨ ᠤ ᠠᠩᠬᠠᠷᠬᠤ ᠵᠦᠢᠯᠡᠰ ᠢ  ᠰᠠᠨᠠᠭᠤᠯᠪᠠ᠃ ᠪᠡᠯᠴᠢᠭᠡᠷᠯᠡᠭᠦᠯᠬᠦ ᠶᠢ ᠵᠤᠭᠰᠤᠭᠠᠬᠤ ᠲᠥᠷᠥ ᠶᠢᠨ ᠪᠣᠳᠣᠯᠭ᠎ᠠ ᠳᠤ ᠴᠢᠭᠯᠡᠭᠦᠯᠦᠨ᠂ ᠠᠵᠢᠯᠲᠠᠳ ᠬᠠᠮᠢᠶ᠎ᠠ ᠪᠥᠬᠦᠶ ᠬᠠᠤᠯᠢ ᠲᠣᠭᠲᠠᠭᠠᠯ ᠢ ᠬᠦᠯᠢᠴᠡᠩᠭᠦᠶ ᠪᠠᠷ ᠲᠠᠶᠢᠯᠪᠤᠷᠢᠯᠠᠵᠤ᠂ ᠪᠡᠯᠴᠢᠭᠡᠷᠯᠡᠭᠦᠯᠬᠦ ᠶᠢ ᠵᠤᠭᠰᠤᠭᠠᠬᠤ ᠨᠢ ᠠᠮᠢ ᠠᠬᠤᠶ ᠶᠢ ᠰᠡᠷᠭᠦᠭᠡᠬᠦ᠂ ᠪᠡᠯᠴᠢᠭᠡᠷ ᠢ ᠬᠠᠮᠠᠭᠠᠯᠠᠬᠤ ᠳᠤ ᠦᠵᠡᠭᠦᠯᠬᠦ ᠢᠳᠡᠪᠬᠢ ᠠᠴᠢ ᠬᠤᠯᠪᠣᠭᠳᠠᠯ ᠢ ᠲᠣᠳᠣᠷᠬᠠᠶᠢᠯᠠᠵᠤ ᠦᠭᠭᠦᠭᠰᠡᠨ ᠪᠠᠶᠢᠨ᠎ᠠ᠃ 
 
ᠢᠷᠡᠯᠲᠡ᠄ ᠦ᠋ ᠴᠠ ᠭᠸᠦ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号