ᠡᠷᠬᠢᠮᠲᠤ ᠭᠤᠤᠯᠳᠠᠯᠭ᠎ᠠ ᠲᠠᠢ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/3/12
       3 ᠰᠠᠷ᠎ᠠ ᠶᠢᠨ 10 ᠤ ᠡᠳᠦᠷ᠂ ᠷᠠᠰᠢᠶᠠᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠡᠷᠬᠢᠮᠲᠦ ᠪᠠᠶᠢᠰᠢᠩ ᠭᠡᠷ ᠢ ᠥᠭᠡᠷᠡᠴᠢᠯᠡᠨ ᠰᠢᠨᠡᠳᠭᠡᠬᠦ᠂ ᠤᠯᠠᠭᠠᠨᠬᠤᠲᠠ ᠠᠴᠠ ᠷᠠᠰᠢᠶᠠᠨ ᠬᠦᠷᠬᠦ ᠲᠡᠮᠦᠷ ᠵᠠᠮ ᠤᠨ ᠬᠥᠳᠡᠯᠭᠡᠬᠦ ᠬᠦᠴᠤᠨᠳᠣ ᠭᠠᠯᠳᠣ ᠲᠡᠷᠭᠡ ᠶᠢ ᠥᠭᠡᠷᠡᠴᠢᠯᠡᠬᠦ᠂ ᠨᠢᠰᠬᠡᠯ ᠤᠨ ᠪᠠᠭᠤᠳᠠᠯ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠵᠡᠷᠭᠡ ᠭᠤᠤᠯᠳᠠᠯᠭ᠎ᠠ ᠲᠠᠢ ᠠᠵᠢᠯ ᠢ ᠠᠬᠢᠭᠤᠯᠵᠤ ᠪᠠᠶᠢᠭ᠎ᠠ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃ ᠬᠤᠲᠠ ᠶᠢᠨ ᠤᠳᠤᠷᠢᠳᠤᠯᠭ᠎ᠠ ᠶᠠᠩ ᠪᠦᠦ ᠲᠢᠶᠠᠨ᠂ ᠸᠠᠩ ᠬᠠᠶ ᠵᠢᠶᠦ᠋ᠨ ᠵᠢᠴᠢ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠵᠠᠮ ᠬᠠᠷᠢᠯᠴᠠᠭᠠᠨ ᠤ ᠲᠣᠪᠴᠢᠶ᠎ᠠ ᠵᠡᠷᠭᠡ ᠬᠠᠮᠢᠶ᠎ᠠ ᠪᠥᠬᠦᠶ ᠪᠠᠶᠢᠭᠤᠯᠭ᠎ᠠ ᠨᠢᠭᠡᠴᠢ ᠶᠢᠨ ᠬᠠᠷᠢᠭᠤᠴᠠᠯᠭᠠᠲᠠᠨ ᠨᠥᠬᠦᠳ ᠣᠷᠣᠯᠴᠠᠵᠠᠶ᠃    ᠡᠷᠬᠢᠮᠲᠤ᠂ ︽ᠬᠥᠮᠦᠨ ᠢᠶᠠᠷ ᠦᠨᠳᠦᠰᠦ ᠪᠣᠯᠭᠠᠵᠤ᠂ ᠠᠷᠠᠳ ᠢ ᠲᠡᠷᠢᠭᠦᠨ ᠳᠤ ᠲᠠᠯᠪᠢᠬᠤ︾ ᠦᠢᠯᠡᠴᠢᠯᠡᠭᠡᠨ ᠤ ᠣᠶᠢᠯᠠᠭᠠᠭᠳᠠᠬᠤᠨ ᠢ ᠪᠠᠷᠢᠮᠲᠠᠯᠠᠵᠤ᠂ ᠲᠥᠯᠥᠪᠵᠢᠭᠦᠯᠭᠡ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠬᠠᠭᠤᠴᠢᠨ ᠢ  ᠦᠭᠡᠷᠡᠴᠢᠯᠡᠵᠤ ᠰᠢᠨ᠎ᠡ ᠶᠢ ᠪᠠᠶᠢᠭᠤᠯᠬᠤ᠂ ᠬᠤᠲᠠ ᠶᠢᠨ ᠬᠡᠪᠴᠢᠶᠡᠨ ᠳᠠᠬᠢ ᠵᠡᠭᠡᠯᠢ ᠪᠠ ᠪᠠᠶᠢᠰᠢᠩ ᠬᠡᠷ ᠢ ᠥᠭᠡᠷᠡᠴᠢᠯᠡᠬᠦ ᠠᠵᠢᠯ ᠢ ᠯᠠᠪᠳᠠᠭᠤᠨ ᠢᠶᠠᠷ ᠠᠬᠢᠭᠤᠯᠵᠤ᠂ ᠣᠯᠠᠨ ᠲᠦᠮᠡᠨ ᠤ ᠣᠷᠣᠨ ᠰᠠᠭᠤᠴᠠ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠵᠤ᠂ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠬᠡᠷᠡᠭᠲᠡᠶ᠃ ᠳᠡᠭᠡᠳᠦ ᠱᠠᠲᠤᠨ ᠤ ᠰᠠᠯᠠᠭ᠎ᠠ ᠮᠥᠴᠢᠷ ᠯᠦᠭᠡ ᠶᠢᠨ ᠬᠠᠮᠲᠤᠷᠠᠨ ᠬᠥᠳᠡᠯᠦᠯᠴᠡᠬᠦ ᠪᠠᠨ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠬᠠᠷᠢᠶ᠎ᠠ ᠭᠠᠵᠠᠷ ᠤᠨ ᠬᠠᠷᠢᠭᠤᠴᠠᠯᠭ᠎ᠠ ᠪᠠᠨ ᠡᠭᠦᠷᠭᠡᠯᠡᠵᠦ᠂ ᠡᠮᠦᠨᠡᠬᠢ ᠬᠤᠭᠤᠴᠠᠭᠠᠨ ᠤ ᠭᠠᠷ ᠬᠦᠢᠴᠡᠳᠬᠡᠯ ᠢ ᠲᠦᠷᠭᠡᠨ ᠠᠬᠢᠭᠤᠯᠵᠤ᠂ ᠤᠯᠠᠭᠠᠨᠬᠤᠲᠠ ᠠᠴᠠ ᠷᠠᠰᠢᠶᠠᠨ ᠬᠦᠷᠬᠦ ᠲᠡᠮᠦᠷ ᠵᠠᠮ ᠤᠨ ᠬᠥᠳᠡᠯᠭᠡᠬᠦ ᠬᠦᠴᠤᠨᠳᠣ ᠭᠠᠯᠳᠣ ᠲᠡᠷᠭᠡ ᠶᠢ ᠥᠭᠡᠷᠡᠴᠢᠯᠡᠬᠦ᠂ ᠨᠢᠰᠬᠡᠯ ᠤᠨ ᠪᠠᠭᠤᠳᠠᠯ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠵᠡᠷᠭᠡ ᠭᠤᠤᠯᠳᠠᠯᠭ᠎ᠠ ᠲᠠᠢ ᠲᠥᠷᠥᠯ ᠵᠦᠢᠯ ᠤᠨ ᠲᠣᠭᠲᠠᠭᠰᠠᠨ ᠬᠤᠭᠤᠴᠠᠭᠠᠨ ᠳᠤ ᠠᠵᠢᠯ ᠡᠬᠢᠯᠡᠭᠦᠯᠬᠦ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ᠃ ︽ᠲᠦᠷᠦᠯ ᠵᠦᠢᠯ ᠢᠶᠠᠷ ᠭᠤᠣᠯ ᠪᠣᠯᠭᠠᠬᠤ︾ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂  ᠵᠢᠭᠤᠯᠴᠢᠯᠠᠯ ᠤᠨ ᠬᠥᠭᠵᠢᠯᠲᠡ ᠳᠤ ᠰᠠᠭᠤᠷᠢᠯᠠᠵᠤ᠂ ᠲᠦᠷᠦ ᠶᠢᠨ ᠪᠤᠳᠤᠯᠭ᠎ᠠ ᠶᠢᠨ ᠠᠵᠠ ᠲᠣᠬᠢᠶᠠᠯ ᠢ ᠠᠮᠵᠢᠵᠤ᠂ ᠪᠠᠷᠠᠭᠠᠯᠬᠢᠯᠠᠯ ᠤᠨ ᠴᠢᠨᠠᠷᠲᠠᠢ ᠰᠡᠳᠬᠢᠬᠦ᠂ ᠰᠢᠰᠲ᠋ᠧᠮᠲᠦ ᠴᠢᠨᠠᠷᠲᠠᠢ ᠲᠥᠯᠥᠪᠵᠢᠭᠦᠯᠬᠦ᠂ ᠪᠦᠬᠦᠯᠢ ᠴᠣᠭᠴᠠ ᠶᠢᠨ ᠴᠢᠨᠠᠷᠲᠠᠢ ᠠᠬᠢᠭᠤᠯᠬᠤ ᠶᠢ ᠴᠢᠩᠭᠠᠳᠬᠠᠵᠤ᠂ ᠲᠦᠷᠦᠯ ᠵᠦᠢᠯ ᠢ ᠰᠠᠶᠢᠲᠤᠷ ᠲᠥᠯᠥᠪᠵᠢᠭᠦᠯᠵᠦ᠂ ᠰᠢᠯᠢᠳᠡᠭ ᠲᠦᠷᠦᠯ ᠵᠦᠢᠯ ᠢᠶᠠᠷ ᠬᠥᠭᠵᠢᠯᠲᠡ ᠶᠢᠨ ᠠᠵᠠ ᠲᠣᠬᠢᠶᠠᠯ ᠢ ᠠᠮᠵᠢᠵᠤ᠂ ᠷᠠᠰᠢᠶᠠᠨ ᠤ ᠴᠢᠨᠠᠷ ᠰᠠᠶᠢᠲᠠᠢ ᠬᠥᠭᠵᠢᠯᠲᠡ ᠶᠢᠨ ︽ᠬᠠᠲᠠᠭᠤ ᠰᠠᠭᠤᠷᠢ︾ ᠶᠢ ᠪᠠᠬᠢᠵᠢᠭᠦᠯᠬᠦ ᠬᠡᠷᠡᠭᠲᠡᠢ ᠭᠡᠵᠤ ᠴᠢᠭᠤᠯᠠᠴᠢᠯᠠᠪᠠ᠃
 
ᠢᠷᠡᠯᠲᠡ᠄ ᠷᠠᠰᠢᠶᠠᠨ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号