| 3 ᠰᠠᠷ᠎ᠠ ᠶᠢᠨ 10 ᠤ ᠡᠳᠦᠷ᠂ ᠷᠠᠰᠢᠶᠠᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ | ᠬᠤᠲᠠ ᠶᠢᠨ ᠳᠠᠷᠤᠭ᠎ᠠ ᠡᠷᠬᠢᠮᠲᠦ 2025 ᠣᠨ ᠤ ᠬᠤᠶᠠᠳᠤᠭᠠᠷ ᠤᠳᠠᠭᠠᠨ ᠤ ᠵᠠᠰᠠᠭ ᠤᠨ ᠣᠷᠳᠣᠨ ᠤ | ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ︽ᠷᠠᠰᠢᠶᠠᠨ ᠬᠤᠳᠠ ᠶᠢᠨ ᠲᠣᠭᠠᠴᠢᠯᠠᠭᠰᠠᠨ | ᠵᠠᠰᠠᠭ ᠤᠨ ᠣᠷᠳᠣᠨ ᠤ ᠪᠠᠶᠢᠭᠤᠯᠤᠯᠲᠠ ᠶᠢᠨ 2025 ᠣᠨ ᠤ ᠬᠡᠷᠡᠭᠵᠢᠭᠦᠯᠬᠦ ᠲᠥᠰᠦᠯ︾ ᠢ ᠰᠤᠳᠤᠯᠤᠨ ᠬᠢᠨᠠᠨ | ᠵᠥᠪᠯᠡᠪᠡ᠃ ᠬᠤᠲᠠ ᠶᠢᠨ ᠤᠳᠤᠷᠢᠳᠤᠯᠭ᠎ᠠ ᠶᠠᠩ ᠪᠦᠦ ᠲᠢᠶᠠᠨ᠂ ᠦ᠋ ᠫᠸᠢ᠂ ᠪᠠᠶ ᠹᠧᠩ᠂ ᠯᠢᠦ ᡁᠢ ᠴᠢᠶᠠᠩ᠂ ᠯᠢ | ᠫᠧᠩ᠂ ᠸᠠᠩ ᠬᠠᠶ ᠵᠢᠶᠦ᠋ᠨ ᠵᠢᠴᠢ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠦᠨᠳᠦᠰᠦᠲᠡᠨ ᠤ ᠬᠡᠷᠡᠭ | ᠡᠷᠭᠢᠯᠡᠬᠦ ᠵᠥᠪᠯᠡᠯ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ | ᠣᠷᠣᠯᠴᠠᠵᠠᠶ᠃ | ᠬᠤᠷᠠᠯ ᠠᠴᠠ᠂ ︽ᠨᠢᠭᠡ ᠰᠦᠯᠵᠢᠶ᠎ᠡ ᠪᠠᠷ ᠪᠦᠬᠦᠨ ᠢ ᠭᠦᠢᠴᠡᠳᠭᠡᠬᠦ︾᠂ ︽ᠨᠢᠭᠡ ᠰᠦᠯᠵᠢᠶ᠎ᠡ ᠪᠠᠷ | ᠨᠢᠭᠡᠳᠦᠯᠲᠡᠶ ᠬᠠᠮᠢᠶᠠᠷᠬᠤ︾᠂ ︽ᠨᠢᠭᠡ ᠰᠦᠯᠵᠢᠶ᠎ᠡ ᠪᠠᠷ ᠬᠠᠷᠢᠯᠴᠠᠨ ᠬᠠᠮᠵᠢᠯᠴᠠᠬᠤ︾ ᠪᠠᠷ ᠬᠥᠲᠥᠯᠦᠨ | ᠳᠠᠭᠠᠭᠤᠯᠵᠤ᠂ ᠲᠣᠭᠠᠴᠢᠯᠠᠭᠰᠠᠨ ᠮᠡᠷᠭᠡᠵᠢᠯ ᠢ ᠵᠠᠰᠠᠭ ᠤᠨ ᠣᠷᠳᠣᠨ ᠤ ᠬᠠᠮᠢᠶᠠᠷᠤᠯᠲᠠ ᠦᠢᠯᠡᠴᠢᠯᠡᠭᠡᠨ ᠤ ᠡᠯ᠎ᠡ | ᠵᠦᠢᠯ ᠤᠨ ᠠᠵᠢᠯ ᠳᠤ ᠥᠷᠭᠡᠨ ᠢᠶᠠᠷ ᠬᠡᠷᠡᠭᠯᠡᠵᠦ᠂ ᠵᠠᠰᠠᠭ ᠤᠨ ᠣᠷᠳᠣᠨ ᠤ ᠵᠠᠰᠠᠯᠲᠠ ᠶᠢᠨ ᠶᠠᠪᠤᠴᠠ ᠶᠢ | ᠰᠢᠯᠢᠳᠡᠭᠵᠢᠭᠦᠯᠬᠦ᠂ ᠵᠠᠭᠪᠤᠷ ᠤᠨ ᠰᠢᠨ᠎ᠡ ᠶᠢ ᠡᠭᠦᠳᠬᠦ ᠪᠠ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠴᠢᠳᠠᠪᠤᠷᠢ ᠶᠢ | ᠳᠡᠭᠡᠭᠰᠢᠯᠡᠭᠦᠯᠬᠦ ᠶᠢ ᠠᠬᠢᠭᠤᠯᠵᠤ᠂ ᠣᠶᠤᠨᠴᠢ ᠳᠥᠭᠦᠮ ᠳᠥᠲᠡ᠂ ᠡᠷᠬᠡ ᠲᠡᠭᠰᠢ ᠨᠡᠶᠢᠳᠡᠮ ᠠᠰᠢᠭ ᠬᠦᠷᠲᠡᠭᠡᠬᠦ | ᠲᠣᠭᠠᠴᠢᠯᠠᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮ ᠢ ᠴᠢᠷᠮᠠᠶᠢᠨ ᠪᠠᠶᠢᠭᠤᠯᠬᠤ ᠬᠡᠷᠡᠭᠲᠡᠶ᠃ | ᠭᠤᠤᠯᠳᠠᠯᠭ᠎ᠠ ᠶᠢ ᠳᠣᠪᠤᠶᠢᠯᠭᠠᠨ᠂ ᠠᠯᠬᠤᠮ ᠬᠤᠪᠢᠶᠠᠨ ᠬᠡᠷᠡᠭᠵᠢᠭᠦᠯᠵᠦ᠂ ᠭᠠᠵᠠᠷ ᠤᠨ ᠢᠯᠴᠢ ᠶᠢᠨ ᠡᠬᠢ ᠪᠠᠶᠠᠯᠢᠭ ᠢ | ᠬᠠᠶᠢᠨ ᠪᠠᠶᠢᠴᠠᠭᠠᠬᠤ ᠶᠢ ᠲᠦᠷᠭᠡᠳᠬᠡᠨ ᠠᠬᠢᠭᠤᠯᠵᠤ᠂ ᠪᠥᠬᠦ ᠬᠤᠲᠠ ᠶᠢᠨ ᠡᠯ᠎ᠡ ᠲᠥᠷᠥᠯ ᠤᠨ ᠭᠠᠵᠠᠷ ᠤᠨ | ᠢᠯᠴᠢ ᠶᠢᠨ ᠡᠬᠢ ᠪᠠᠶᠠᠯᠢᠭ ᠤᠨ ᠲᠠᠷᠬᠠᠯᠲᠠ᠂ ᠬᠠᠳᠠᠭᠠᠯᠠᠭᠳᠠᠴᠠ ᠪᠠ ᠦᠨ᠎ᠡ ᠥᠷᠲᠡᠭ ᠢ ᠦᠨᠡᠨ ᠬᠦ ᠲᠣᠳᠣᠷᠬᠠᠶ | ᠣᠶᠢᠯᠠᠭᠠᠵᠤ᠂ ᠠᠵᠤ ᠦᠢᠯᠡᠰ ᠤᠨ ᠨᠡᠭᠡᠭᠡᠨ ᠬᠥᠭᠵᠢᠭᠦᠯᠬᠦ ᠪᠠᠶᠢᠷᠢᠰᠢᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠵᠦᠶ | ᠵᠣᠬᠢᠰᠲᠠᠶ ᠲᠥᠯᠥᠪᠵᠢᠭᠦᠯᠬᠦ ᠬᠡᠷᠡᠭᠲᠡᠶ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ | ᠪᠤᠳᠤᠯᠭ᠎ᠠ ᠶᠢᠨ ᠬᠠᠷᠠᠯᠲᠠ ᠶᠢᠨ ᠲᠣᠭᠤᠷᠢᠨ ᠳᠤ᠂ ᠠᠵᠤ ᠦᠢᠯᠡᠰ ᠤᠨ ᠬᠥᠭᠵᠢᠯᠲᠡ᠂ ᠰᠠᠭᠤᠷᠢ ᠲᠥᠬᠦᠭᠡᠷᠦᠮᠵᠢ ᠶᠢᠨ | ᠪᠦᠳᠦᠭᠡᠨ ᠪᠠᠶᠢᠭᠤᠯᠤᠯᠲᠠ ᠵᠡᠷᠭᠡ ᠭᠤᠣᠯᠳᠠᠯᠭ᠎ᠠ ᠲᠠᠢ ᠬᠦᠷᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠤᠨᠢᠨ | ᠳᠡᠭᠡᠷ᠎ᠡ ᠨᠢ ᠬᠦᠴᠦᠯᠡᠵᠦ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠬᠠᠮᠤᠭ ᠤᠨ ᠶᠡᠭᠡ ᠪᠣᠯᠭᠠᠬᠤ ᠶᠢ | ᠪᠠᠲᠤᠯᠠᠵᠤ᠂ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠬᠦ | ᠬᠡᠷᠡᠭᠲᠡᠢ ᠭᠡᠵᠤ ᠴᠢᠬᠤᠯᠠᠴᠢᠯᠠᠪᠠ᠃ | ᠬᠤᠷᠠᠯ ᠠᠴᠠ ᠪᠠᠰᠠ ᠨᠠᠮ ᠤᠨ ᠰᠤᠷᠲᠠᠯ ᠪᠠ ᠴᠢᠬᠡᠴᠢ ᠵᠠᠰᠠᠭ ᠤᠨ ᠪᠠᠶᠢᠭᠤᠯᠤᠯᠳᠠ᠂ ᠠᠵᠤ ᠠᠬᠤᠶᠢᠯᠠᠯ ᠤᠨ | ᠴᠠᠯᠢᠩ ᠢ ᠦᠷᠢᠳᠦᠬᠦ ᠠᠰᠠᠭᠤᠳᠠᠯ ᠢ ᠣᠶᠢᠯᠭᠠᠨ ᠵᠢᠭᠰᠠᠭᠠᠬᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ | ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ︽ᠪᠦᠯᠦᠭᠯᠡᠨ ᠢᠯᠵᠠᠷᠠᠬᠤ︾ ᠠᠰᠠᠭᠤᠳᠠᠯ ᠢ | ᠲᠥᠪᠯᠡᠷᠡᠭᠦᠯᠦᠨ ᠴᠡᠭᠴᠡᠯᠡᠨ ᠵᠠᠰᠠᠬᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠵᠡᠷᠭᠡ ᠠᠵᠢᠯ ᠢ | ᠲᠤᠬᠢᠷᠠᠭᠤᠯᠤᠨ ᠪᠠᠶᠢᠷᠢᠯᠠᠭᠤᠯᠪᠠ᠃ | |