| 2 ᠰᠠᠷ᠎ᠠ ᠶᠢᠨ 24 ᠤ ᠡᠳᠦᠷ ᠰᠤᠷᠭᠠᠨ ᠬᠥᠮᠦᠵᠢᠯ ᠤᠨ ᠶᠠᠮᠤᠨ ︽2025 ᠣᠨ ᠤ ᠪᠥᠬᠦ ᠤᠯᠤᠰ ᠤᠨ | ᠠᠰᠫᠢᠷᠠᠨᠲ ᠡᠯᠰᠡᠬᠦ ᠰᠢᠯᠭᠠᠯᠲᠠ ᠶᠢᠨ ᠰᠢᠯᠭᠠᠭᠤᠯᠤᠭᠴᠢ ᠶᠢᠨ ᠬᠤᠶᠠᠳᠠᠭᠢ ᠰᠢᠯᠭᠠᠯᠲᠠ ᠳᠤ ᠣᠷᠣᠬᠤ ᠠᠩᠬᠠᠨ ᠤ | ᠰᠢᠯᠭᠠᠯᠲᠠ ᠶᠢᠨ ᠬᠢᠷᠢ ᠪᠦᠲᠦᠮᠵᠢ ᠶᠢᠨ ᠦᠨᠳᠦᠰᠦᠨ ᠱᠠᠭᠠᠷᠳᠠᠯᠭ᠎ᠠ︾ ︵ᠤᠯᠤᠰ ᠤᠨ ᠬᠤᠪᠢ ᠶᠢᠨ ᠱᠤᠭᠤᠮ︶ ᠢ | ᠨᠡᠶᠢᠲᠡᠯᠡᠪᠡ᠃ ᠡᠯ᠎ᠡ ᠰᠣᠷᠣᠭᠴᠢ ᠡᠯᠰᠡᠬᠦ ᠨᠢᠭᠡᠴᠢ ︽2025 ᠣᠨ ᠤ ᠪᠥᠬᠦ ᠤᠯᠤᠰ ᠤᠨ ᠠᠰᠫᠢᠷᠠᠨᠲ ᠡᠯᠰᠡᠬᠦ | ᠠᠵᠢᠯ ᠤᠨ ᠬᠠᠮᠢᠶᠠᠷᠤᠯᠲᠠ ᠶᠢᠨ ᠲᠣᠭᠲᠠᠭᠠᠯ︾ ᠢ ᠦᠨᠳᠦᠰᠦᠯᠡᠨ᠂ ᠤᠯᠤᠰ ᠤᠨ ᠬᠤᠪᠢ ᠶᠢᠨ ᠱᠤᠭᠤᠮ ᠤᠨ | ᠰᠠᠭᠤᠷᠢᠨ ᠳᠡᠭᠡᠷ᠎ᠡ᠂ ᠲᠣᠰ ᠨᠢᠭᠡᠴᠢ ᠳᠤ ᠰᠢᠯᠭᠠᠭᠤᠯᠬᠤ ᠪᠠᠷ ᠨᠡᠷ᠎ᠡ ᠮᠡᠳᠡᠭᠦᠯᠦᠭᠰᠡᠨ ᠰᠢᠯᠭᠠᠭᠤᠯᠤᠭᠴᠢ ᠶᠢᠨ | ᠬᠤᠶᠠᠳᠠᠭᠢ ᠰᠢᠯᠭᠠᠯᠲᠠ ᠳᠤ ᠣᠷᠣᠬᠤ ᠠᠩᠬᠠᠨ ᠤ ᠰᠢᠯᠭᠠᠯᠲᠠ ᠶᠢᠨ ᠬᠢᠷᠢ ᠪᠦᠲᠦᠮᠵᠢ ᠶᠢᠨ ᠱᠠᠭᠠᠷᠳᠠᠯᠭ᠎ᠠ ᠵᠢᠴᠢ | ᠪᠤᠰᠤᠳ ᠡᠷᠳᠡᠮ ᠰᠢᠨᠵᠢᠯᠡᠭᠡᠨ ᠤ ᠱᠠᠭᠠᠷᠳᠠᠯᠭ᠎ᠠ ᠶᠢ ᠥᠪᠡᠷᠳᠡᠭᠡᠨ ᠲᠣᠭᠲᠠᠭᠠᠵᠤ ᠨᠡᠶᠢᠲᠡᠯᠡᠨ᠎ᠡ᠃ | ︽ᠳᠤᠮᠳᠠᠳᠤ ᠤᠯᠤᠰ ᠤᠨ ᠠᠰᠫᠢᠷᠠᠨᠲ ᠡᠯᠰᠡᠬᠦ ᠮᠡᠳᠡᠭᠡ ᠵᠠᠩᠭᠢ ᠶᠢᠨ ᠰᠦᠯᠵᠢᠶ᠎ᠡ︾ ᠳᠠᠬᠢ ︽ | ᠲᠣᠬᠢᠷᠠᠭᠤᠯᠤᠯᠲᠠ ᠬᠢᠬᠦ ᠰᠠᠨᠠᠮᠵᠢ ᠴᠤᠭᠯᠠᠭᠤᠯᠬᠤ ᠰᠢᠰᠲ᠋ᠧᠮ︾ ᠢ 3 ᠰᠠᠷ᠎ᠠ ᠶᠢᠨ 28 ᠤ ᠡᠳᠦᠷ ᠠᠴᠠ ᠡᠬᠢᠯᠡᠨ | ᠬᠡᠷᠡᠭᠵᠢᠭᠦᠯᠦᠨ᠎ᠡ᠂ ᠨᠢᠭᠡᠳᠦᠭᠡᠷ ᠡᠷᠡᠮᠡᠯᠵᠡᠯ ᠤᠨ ᠡᠯᠰᠡᠬᠦ ᠠᠵᠢᠯ ᠢ ᠨᠢᠭᠡᠨᠳᠡ ᠪᠡᠶᠡᠯᠡᠭᠦᠯᠦᠭᠰᠡᠨ ᠰᠤᠷᠤᠭᠴᠢ ᠡᠯᠰᠡᠬᠦ | ᠨᠢᠭᠡᠴᠢ ᠲᠣᠬᠢᠷᠠᠭᠤᠯᠤᠯᠲᠠ ᠬᠢᠬᠦ ᠮᠡᠳᠡᠭᠡ ᠵᠠᠩᠭᠢ ᠪᠠᠨ ᠨᠡᠶᠢᠲᠡᠯᠡᠵᠦ ᠪᠣᠯᠣᠨ᠎ᠠ᠂ ᠲᠣᠬᠢᠷᠠᠭᠤᠯᠤᠯᠳᠠ ᠬᠢᠭᠦ ᠰᠠᠨᠠᠭ᠎ᠠ ᠲᠠᠢ | ᠰᠢᠯᠭᠠᠭᠤᠯᠤᠭᠴᠢ ᠰᠠᠨᠠᠮᠵᠢ ᠶᠢᠨ ᠮᠡᠳᠡᠭᠡ ᠵᠠᠩᠭᠢ ᠪᠠᠨ ᠯᠠᠪᠯᠠᠨ ᠲᠠᠭᠯᠠᠵᠤ ᠪᠣᠯᠣᠨ᠎ᠠ᠃ ︽ᠲᠣᠬᠢᠷᠠᠭᠤᠯᠤᠯᠲᠠ ᠬᠢᠬᠦ | ᠦᠢᠯᠡᠴᠢᠯᠡᠭᠡᠨ ᠤ ᠰᠢᠰᠲ᠋ᠧᠮ︾ ᠢ 4 ᠰᠠᠷ᠎ᠠ ᠶᠢᠨ 8 ᠤ ᠡᠳᠦᠷ ᠨᠡᠪᠲᠡᠷᠡᠭᠦᠯᠦᠨ᠎ᠡ᠃ ᠰᠣᠷᠣᠭᠴᠢ ᠡᠯᠰᠡᠬᠦ | ᠨᠢᠭᠡᠴᠢ ᠶᠢᠨ ᠨᠢᠭᠡᠳᠦᠭᠡᠷ ᠡᠷᠡᠮᠡᠯᠵᠡᠯ ᠤᠨ ᠬᠢᠷᠢ ᠲᠡᠩᠴᠡᠭᠰᠡᠨ ᠰᠣᠷᠣᠭᠴᠢ ᠶᠢᠨ ᠢᠷᠡᠯᠲᠡ ᠬᠦᠷᠦᠯᠴᠡᠬᠦ ᠦᠭᠡᠢ | ᠦᠶ᠎ᠡ ᠳᠤ᠂ ᠲᠣᠬᠢᠷᠠᠭᠤᠯᠤᠯᠲᠠ ᠬᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ ᠪᠣᠯᠣᠨ᠎ᠠ᠃ ᠰᠣᠷᠣᠭᠴᠢ ᠡᠯᠰᠡᠬᠦ | ᠨᠢᠭᠡᠴᠢ ᠪᠣᠶ ᠪᠦᠬᠦᠢ ᠰᠢᠯᠭᠠᠭᠤᠯᠤᠭᠴᠢ ︵︽ᠴᠡᠷᠢᠭ ᠤᠨ ᠠᠯᠪᠠ ᠠᠴᠠ ᠪᠠᠭᠤᠭᠰᠠᠨ ᠣᠶᠤᠲᠠᠨ ᠪᠠᠶᠢᠯᠳᠤᠭᠴᠢ ᠶᠢᠨ | ᠲᠥᠯᠥᠪᠯᠡᠭᠡ︾ ᠬᠢᠭᠡᠳ ᠡᠩ ᠤᠨ ᠲᠥᠯᠥᠪᠯᠡᠭᠡ ᠶᠢᠨ ᠬᠤᠭᠤᠷᠣᠨᠳᠤ ᠲᠣᠬᠢᠷᠠᠭᠤᠯᠤᠯᠲᠠ ᠬᠢᠬᠦ ᠪᠠᠷ ᠨᠡᠷ᠎ᠡ | ᠮᠡᠳᠡᠭᠦᠯᠦᠭᠰᠡᠨ ᠰᠢᠯᠭᠠᠭᠤᠯᠤᠭᠴᠢ ᠵᠡᠷᠭᠡ ᠪᠠᠭᠲᠠᠨ᠎ᠠ︶ ᠶᠢᠨ ᠲᠣᠬᠢᠷᠠᠭᠤᠯᠤᠯᠲᠠ ᠬᠢᠬᠦ ᠭᠤᠶᠤᠴᠢᠯᠠᠯ ᠢ ᠭᠥᠯᠢᠶᠡᠨ | ᠠᠪᠬᠤ ᠳᠤ ᠴᠥᠮ ᠰᠤᠷᠭᠠᠨ ᠬᠥᠮᠦᠵᠢᠯ ᠤᠨ ᠶᠠᠮᠤᠨ ᠤ ︽ᠲᠣᠬᠢᠷᠠᠭᠤᠯᠤᠯᠲᠠ ᠬᠢᠬᠦ ᠦᠢᠯᠡᠴᠢᠯᠡᠭᠡᠨ ᠤ ᠰᠢᠰᠲ᠋ᠧᠮ︾ | ᠢᠶᠠᠷ ᠳᠠᠮᠵᠢᠬᠤ ᠬᠡᠷᠡᠭᠲᠡᠢ᠃ ᠲᠣᠬᠢᠷᠠᠭᠤᠯᠤᠯᠲᠠ ᠬᠢᠬᠦ ᠰᠠᠨᠠᠭ᠎ᠠ ᠲᠠᠢ ᠰᠢᠯᠭᠠᠭᠤᠯᠤᠭᠴᠢ ︽ᠳᠤᠮᠳᠠᠳᠤ ᠤᠯᠤᠰ ᠤᠨ | ᠠᠰᠫᠢᠷᠠᠨᠲ ᠤᠨ ᠰᠣᠷᠣᠭᠴᠢ ᠡᠯᠰᠡᠬᠦ ᠮᠡᠳᠡᠭᠡ ᠵᠠᠩᠭᠢ ᠶᠢᠨ ᠰᠦᠯᠵᠢᠶ᠎ᠡ︾ ᠶᠢ ᠨᠢᠭᠲᠠ ᠠᠩᠬᠠᠷᠴᠤ᠂ ᠲᠤᠬᠠᠢ ᠶᠢᠨ | ᠴᠠᠭ ᠲᠤ ᠲᠣᠬᠢᠷᠠᠭᠤᠯᠤᠯᠲᠠ ᠬᠢᠬᠦ ᠰᠢᠰᠲ᠋ᠧᠮ ᠪᠠ ᠰᠣᠷᠣᠭᠴᠢ ᠡᠯᠰᠡᠬᠦ ᠨᠢᠭᠡᠴᠢ ᠶᠢᠨ ᠰᠦᠯᠵᠢᠶᠡᠨ ᠳᠤ ᠭᠠᠷᠴᠤ᠂ | ᠰᠣᠷᠣᠭᠴᠢ ᠡᠯᠰᠡᠬᠦ ᠨᠢᠭᠡᠴᠢ ᠶᠢᠨ ᠲᠣᠬᠢᠷᠠᠭᠤᠯᠤᠯᠲᠠ ᠬᠢᠬᠦ ᠬᠠᠮᠢᠶ᠎ᠠ ᠪᠦᠬᠦᠢ ᠮᠡᠳᠡᠭᠡ ᠵᠠᠩᠭᠢ ᠶᠢ ᠪᠠᠶᠢᠴᠠᠭᠠᠨ ᠯᠠᠪᠯᠠᠵᠤ | ᠂ ᠱᠠᠭᠠᠷᠳᠠᠯᠭ᠎ᠠ ᠶᠣᠰᠣᠭᠠᠷ ᠲᠣᠬᠢᠷᠠᠭᠤᠯᠤᠯᠲᠠ ᠬᠢᠬᠦ ᠡᠷᠡᠮᠡᠯᠵᠡᠯ ᠢᠶᠠᠨ ᠲᠠᠭᠯᠠᠵᠤ ᠮᠡᠳᠡᠭᠦᠯᠦᠭᠡᠷᠡᠢ᠃ | ᠳᠤᠮᠳᠠᠳᠤ ᠤᠯᠤᠰ ᠤᠨ ᠠᠰᠫᠢᠷᠠᠨᠲ ᠡᠯᠰᠡᠬᠦ ᠮᠡᠳᠡᠭᠡ ᠵᠠᠩᠭᠢ ᠶᠢᠨ ᠰᠦᠯᠵᠢᠶᠡᠨ ᠤ ᠬᠠᠶ᠋ᠢᠭ᠄ https://yz. | chsi.com.cn/https://yz.chsi.com.cn/ | ᠵᠢᠷᠬᠢᠶ᠎ᠡ ᠶᠢᠨ ᠨᠡᠶᠢᠲᠡ ᠶᠢᠨ ᠳᠠᠪᠴᠠᠩ᠄ chsiyz |